ᠠᠯᠠᠱᠠ ᠵᠡᠭᠦᠨ ᠬᠤᠰᠢᠭᠤ ᠲᠡᠦᠬᠡ ᠶᠢᠨ ᠳᠤᠷᠠᠰᠬᠠᠯᠲᠤ ᠵᠦᠢᠯᠡᠰ ᠢ ᠰᠡᠯᠪᠢᠨ ᠵᠠᠰᠠᠵᠤ ᠬᠠᠮᠠᠭᠠᠯᠠᠬᠤ ᠠᠵᠢᠯ ᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/8/20
   ᠠᠯᠠᠱᠠ ᠵᠡᠭᠦᠨ ᠬᠤᠰᠢᠭᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ ︽ᠬᠠᠭᠤᠴᠢᠨ ᠬᠡᠪ ᠢᠶᠠᠨ ᠪᠠᠲᠤᠯᠠᠬᠤ︾ ᠪᠠ ᠲᠡᠤᠬᠡ ᠶᠢᠨ ᠴᠢᠨᠠᠷ᠂ ᠭᠤᠸ᠎ᠠ ᠰᠠᠶᠢᠬᠠᠨ ᠤ ᠰᠢᠨᠵᠢ ᠶᠢ ᠬᠠᠳᠠᠭᠠᠯᠠᠬᠤ ᠶᠢ ᠪᠠᠷᠢᠮᠳᠠᠯᠠᠠ᠂ ᠲᠡᠦᠬᠡ ᠶᠢᠨ ᠳᠤᠷᠠᠰᠬᠠᠯᠲᠤ ᠵᠦᠢᠯᠡᠰ ᠢ ᠰᠡᠯᠪᠢᠨ ᠵᠠᠰᠠᠵᠤ ᠬᠠᠮᠠᠭᠠᠯᠠᠬᠤ ᠠᠵᠢᠯ ᠢ ᠦᠷᠬᠦᠯᠵᠢᠯᠠᠠ ᠠᠬᠢᠭᠤᠯᠵᠤ ᠪᠠᠶᠢᠨ᠎ᠠ᠃   ᠤᠷᠴᠢᠮ ᠠᠴᠠ᠂ ᠴᠣᠭᠲᠤᠬᠦ᠋ᠷᠢᠶ᠎ᠠ ᠰᠤᠮᠤ ᠶᠢᠨ ᠥᠪᠡᠷᠲᠡᠭᠡᠨ ᠵᠠᠰᠠᠬᠤ ᠣᠷᠣᠨ ᠤ ᠳᠡᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ — ᠰᠤᠶᠤᠯ ᠢ ᠭᠡᠶᠢᠭᠦᠯᠦᠭᠴᠢ ᠰᠦᠮ᠎ᠡ ᠵᠢᠴᠢ ᠡᠷᠬᠢᠨ ᠲᠣᠭᠤᠷᠢᠨ ᠤ ᠡᠷᠲᠡᠨ ᠤ ᠣᠷᠣᠨ ᠰᠠᠭᠤᠴᠠ ᠶᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠤ ᠰᠡᠯᠪᠢᠨ ᠵᠠᠰᠠᠬᠤ ᠠᠵᠢᠯ ᠡᠮᠬᠢ ᠵᠢᠷᠤᠮ ᠲᠠᠢ ᠦᠷᠨᠢᠵᠤ᠂ ᠠᠵᠢᠯᠲᠠᠳ ᠶᠠᠭ ᠬᠡᠷᠡᠮ ᠤᠨ ᠨᠢᠭᠤᠷ᠂ ᠭᠠᠵᠠᠷ ᠤᠨ ᠭᠠᠳᠠᠷᠭᠤ ᠶᠢᠨ ᠴᠢᠮᠡᠭᠯᠡᠯ ᠵᠡᠷᠭᠡ ᠶᠢ ᠨᠠᠷᠢᠨ ᠬᠢᠨᠠᠮᠠᠭᠠᠢ ᠵᠠᠰᠠᠵᠤ᠂ ᠤᠤᠯ ᠤᠨ ᠳᠦᠷᠰᠦ ᠪᠠᠶᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ ᠰᠡᠷᠭᠦᠭᠡᠬᠦ ᠶᠢ ᠪᠠᠲᠤᠯᠠᠵᠤ ᠪᠠᠶᠢᠯ᠎ᠠ᠃ ᠥᠪᠥᠷ ᠮᠣᠩᠭᠤᠯ ᠤᠨ ᠸᠠᠩ ᠤᠨ ᠣᠷᠳᠤᠨ ᠡᠷᠲᠡᠨ ᠤ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠰᠢᠦᠢ ᠴᠢᠩ ᠬᠠᠢ᠄ ︽ᠰᠤᠶᠤᠯ ᠢ ᠭᠡᠶᠢᠭᠦᠯᠦᠭᠴᠢ ᠰᠦᠮ᠎ᠡ ᠶᠢᠨ ᠠᠷᠠᠳ ᠤᠨ ᠡᠷᠲᠡᠨ ᠤ ᠣᠷᠣᠨ ᠰᠠᠭᠤᠴᠠ ᠶᠢ ᠨᠡᠶᠢᠲᠡ 15 ᠢᠵᠢ ᠰᠡᠯᠪᠢᠨ ᠵᠠᠰᠠᠵᠤ᠂ ᠭᠤᠣᠯ ᠪᠠᠷᠢᠯᠭ᠎ᠠ ᠶᠢ ᠡᠨᠡ ᠵᠢᠯ ᠤᠨ 11 ᠰᠠᠷ᠎ᠠ ᠶᠢᠨ 15 ᠤ ᠡᠳᠦᠷ ᠳᠠᠭᠤᠰᠬᠠᠬᠤ ᠪᠠᠷ ᠲᠦᠰᠦᠪᠯᠡᠵᠦ ᠪᠠᠶᠢᠨ᠎ᠠ︾ ᠭᠡᠪᠡ᠃   ᠰᠤᠶᠤᠯ ᠢ ᠭᠡᠶᠢᠭᠦᠯᠦᠭᠴᠢ ᠰᠦᠮ᠎ᠡ ᠠᠯᠠᠱᠠ ᠵᠡᠭᠦᠨ ᠬᠤᠰᠢᠭᠤᠨ ᠤ ᠴᠣᠭᠲᠤᠬᠦ᠋ᠷᠢᠶ᠎ᠠ ᠰᠤᠮᠤᠨ ᠳᠤ ᠪᠠᠶᠢᠷᠢᠯᠠᠵᠤ᠂ ᠴᠢᠩ ᠤᠯᠤᠰ ᠤᠨ ᠨᠠᠶᠢᠷᠠᠯᠲᠤ ᠲᠥᠪ ᠤᠨ ᠠᠷᠪᠠᠨ ᠬᠤᠶᠠᠳᠤᠭᠠᠷ ᠣᠨ ︵ᠨᠡᠶᠢᠲᠡ ᠶᠢᠨ ᠣᠨ ᠲᠣᠭᠠᠯᠠᠯ ᠤᠨ 1734 ᠣᠨ︶ ᠠᠴᠠ ᠲᠡᠭᠷᠢ ᠲᠡᠳᠬᠦᠭᠴᠢ ᠶᠢᠨ ᠠᠷᠪᠠᠨ ᠭᠤᠷᠪᠠᠳᠤᠭᠠᠷ ᠣᠨ ︵ᠨᠡᠶᠢᠲᠡ ᠶᠢᠨ ᠣᠨ ᠲᠣᠭᠠᠯᠠᠯ ᠤᠨ 1748 ᠣᠨ︶ ᠳᠤ ᠪᠠᠶᠢᠭᠤᠯᠤᠭᠳᠠᠵᠤ᠂ 2006 ᠣᠨ ᠤ 9 ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠪᠦᠯᠦᠭ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠬᠡᠴᠡ ᠪᠠᠷ ᠰᠣᠩᠭᠤᠭᠳᠠᠵᠠᠢ᠃ ᠤᠳᠠᠭᠠᠨ ᠵᠢᠯ ᠵᠠᠰᠠᠭᠰᠠᠨ ᠦᠭᠡᠢ ᠠᠴᠠ ᠪᠣᠯᠵᠤ᠂ ᠪᠠᠷᠢᠯᠭ᠎ᠠ ᠨᠢ ᠡᠪᠳᠡᠭᠳᠡᠠ᠂ ᠬᠡᠷᠡᠮ ᠨᠢ ᠠᠩ ᠵᠠᠪᠰᠠᠷ ᠭᠠᠷᠴᠤ ᠪᠣᠷᠣᠭᠠᠨ ᠭᠤᠭᠤᠵᠢᠠ᠂ ᠰᠡᠯᠪᠢᠨ ᠵᠠᠰᠠᠬᠤ ᠴᠢᠬᠤᠯᠠ ᠲᠠᠢ ᠪᠣᠯᠪᠠ᠃   ᠠᠯᠠᠱᠠ ᠵᠡᠭᠦᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠠᠵᠢᠯᠲᠠᠨ ᠬᠠ᠊ · ᠰᠠᠨᠠᠭ᠎ᠠ᠄ ︽ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠢᠨᠵᠧᠨᠧᠷᠢᠩ ᠨᠢ ᠭᠤᠣᠯᠳᠠᠭᠤ ᠠᠮᠤᠷ ᠲᠦᠪᠰᠢᠨ ᠤ ᠳᠠᠯᠳᠠ ᠭᠡᠮ ᠢ ᠪᠠᠶᠢᠴᠠᠭᠠᠨ ᠰᠡᠷᠭᠡᠶᠢᠯᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠪᠣᠳᠠᠰ ᠤᠨ ᠤᠭ ᠴᠣᠭᠴᠠ ᠶᠢ ᠬᠠᠮᠠᠭᠠᠯᠠᠬᠤ ᠶᠢᠨ ᠬᠠᠮᠲᠤ ᠲᠡᠦᠬᠡ ᠠᠴᠠ ᠤᠯᠠᠮᠵᠢᠯᠠᠵᠤ ᠢᠷᠡᠭᠰᠡᠨ ᠦᠨᠡᠨ ᠪᠣᠳᠠᠲᠠᠢ ᠰᠤᠶᠤᠯ ᠢᠶᠠᠨ ᠬᠠᠳᠠᠭᠠᠯᠠᠬᠤ ᠶᠢ ᠪᠠᠷᠢᠮᠳᠠᠯᠠᠬᠤ ᠴᠢᠬᠤᠯᠠᠳᠠᠢ ᠶᠤᠮ︾ ᠭᠡᠪᠡ᠃   ᠣᠶᠢᠷ᠎ᠠ ᠶᠢᠨ ᠵᠢᠯ ᠠᠴᠠ᠂ ᠠᠯᠠᠱᠠ ᠵᠡᠭᠦᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠡᠯ᠎ᠡ ᠲᠡᠦᠬᠡ ᠶᠢᠨ ᠳᠤᠷᠠᠰᠬᠠᠯᠲᠤ ᠵᠦᠢᠯᠡᠰ ᠤᠨ ᠣᠳᠤᠬᠢ ᠪᠠᠶᠢᠳᠠᠯ ᠢ ᠴᠠᠭ ᠲᠤᠬᠠᠢ ᠳᠤᠨᠢ ᠡᠮᠬᠢᠯᠡᠨ ᠲᠢᠭᠯᠡᠵᠦ᠂ ᠢᠳᠡᠪᠬᠢᠲᠡᠢ ᠪᠠᠷ ᠳᠡᠭᠡᠳᠦ ᠱᠠᠲᠤᠨ ᠠᠴᠠ ᠲᠤᠰᠬᠠᠢ ᠪᠡᠯᠡ ᠮᠥᠩᠭᠦ ᠶᠢ ᠭᠤᠶᠤᠴᠢᠯᠠᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠳᠦᠷ ᠲᠤᠳᠤᠮ ᠤᠨ ᠬᠠᠮᠢᠶᠠᠷᠤᠯᠲᠠ ᠬᠠᠮᠠᠭᠠᠯᠠᠯᠲᠠ ᠪᠠ ᠰᠡᠯᠪᠢᠨ ᠵᠠᠰᠠᠬᠤ ᠳᠤ ᠬᠡᠷᠡᠭᠯᠡᠵᠦ᠂ ᠥᠨᠳᠥᠷ ᠪᠠᠷᠢᠮᠵᠢᠶ᠎ᠠ᠂ ᠴᠢᠨᠠᠷ ᠰᠠᠶᠢᠳᠠᠢ ᠪᠠᠷ ᠬᠠᠮᠠᠭᠠᠯᠠᠬᠤ ᠶᠢ ᠠᠬᠢᠭᠤᠯᠵᠤ᠂ ᠤᠯᠠᠮᠵᠢᠯᠠᠯᠲᠤ ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠰᠣᠶᠣᠯ ᠵᠢᠭᠤᠯᠴᠢᠯᠠᠯ ᠠᠭᠤᠰᠤᠯᠴᠠᠨ ᠬᠦᠭᠵᠢᠬᠦ ᠳᠤ ᠠᠬᠢᠭᠤᠯᠬᠤ ᠦᠢᠯᠡᠳᠦᠯ ᠦᠵᠡᠭᠦᠯᠪᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号