ᠠᠯᠠᠱᠠ ᠠᠶᠢᠮᠠᠭ ᠤᠨ ᠷᠧᠨ ᠾᠧ ᠰᠢᠨ᠎ᠡ ᠡᠨᠧᠷᠭᠢ ᠶᠢᠨ ᠰᠢᠨᠵᠢᠯᠡᠭᠡ ᠮᠡᠷᠭᠡᠵᠢᠯ ᠤᠨ ᠺᠣᠮᠫᠠᠨᠢ ᠶᠢᠨ ᠭᠤᠤᠯᠳᠠᠯᠭᠠᠲᠦ ᠲᠦᠷᠦᠯ ᠵᠦᠢᠯ ᠠᠰᠢᠭᠯᠠᠯᠳᠠ ᠳᠤ ᠤᠷᠤᠯ᠎ᠠ
ᠨᠡᠶᠢᠲᠡᠯᠡᠭᠰᠡᠨ ᠴᠠᠭ᠄
2024/8/20
   ᠤᠶᠢᠷ᠎ᠠ ᠶᠢᠨ ᠡᠳᠦᠷ᠂ ᠠᠶᠢᠮᠠᠭ ᠤᠨ ᠭᠤᠤᠯᠳᠠᠯᠭᠠᠲᠦ ᠲᠦᠷᠦᠯ ᠵᠦᠢᠯ ᠪᠤᠯᠬᠤ ᠠᠯᠠᠱᠠ ᠠᠶᠢᠮᠠᠭ ᠤᠨ ᠷᠧᠨ ᠾᠧ ᠰᠢᠨ᠎ᠠ ᠡᠨᠤᠷᠬᠢ ᠶᠢᠨ ᠰᠢᠨᠵᠢᠯᠡᠭᠡ ᠮᠡᠷᠬᠡᠵᠢᠯ ᠤᠨ ᠺᠤᠮᠫᠠᠨᠢ ᠶᠢᠨ ᠵᠢᠯ ᠳᠤ 20 ᠲᠦᠮᠡᠨ ᠲᠣᠨ ᠰᠠᠯᠬᠢᠨ ᠮᠠᠰᠢᠨ ᠤ ᠰᠤᠪᠤᠷᠭ᠎ᠠ ᠦᠢᠯᠡᠳᠪᠦᠷᠢᠯᠡᠬᠦ ᠲᠦᠷᠦᠯ ᠵᠦᠢᠯ ᠠᠰᠢᠭᠯᠠᠯᠳᠠ ᠳᠤ ᠤᠷᠤᠭᠰᠠᠨ ᠪᠠᠶᠢᠨ᠎ᠠ᠃   ᠠᠯᠠᠱᠠ ᠠᠶᠢᠮᠠᠭ ᠤᠨ ᠷᠧᠨ ᠾᠧ ᠰᠢᠨ᠎ᠡ ᠡᠨᠧᠷᠭᠢ ᠶᠢᠨ ᠰᠢᠨᠵᠢᠯᠡᠭᠡ ᠮᠡᠷᠭᠡᠵᠢᠯ ᠤᠨ ᠺᠣᠮᠫᠠᠨᠢ ᠪᠣᠯ ᠰᠢᠨ᠎ᠡ ᠡᠨᠧᠷᠭᠢ ᠶᠢᠨ ᠠᠵᠢᠯ ᠲᠦᠷᠦᠯ ᠳᠤ ᠰᠢᠨ᠎ᠡ ᠪᠠᠷ ᠮᠠᠨᠳᠤᠵᠦ ᠪᠤᠢ ᠲᠣᠨᠣᠭᠯᠠᠯ ᠰᠤᠳᠤᠯᠤᠨ ᠦᠢᠯᠡᠳᠬᠦ ᠠᠵᠤ ᠠᠬᠤᠶᠢᠯᠠᠯ ᠪᠣᠯᠤᠨ᠎ᠠ᠂ ᠰᠠᠯᠬᠢᠨ ᠬᠦᠴᠦᠨ ᠤ ᠴᠠᠬᠢᠯᠭᠠᠨ ᠤ ᠰᠤᠪᠤᠷᠭ᠎ᠠ᠂ ᠰᠠᠯᠬᠢᠨ ᠬᠦᠴᠦᠨ ᠤ ᠮᠠᠰᠢᠨ ᠤ ᠰᠡᠯᠪᠢᠭ ᠲᠤᠨᠤᠭ ᠵᠢᠴᠢ ᠭᠡᠷᠡᠯ ᠢᠯᠴᠢ ᠪᠠᠷ ᠴᠠᠬᠢᠯᠭᠠᠨ ᠭᠠᠷᠭᠠᠬᠤ ᠲᠥᠬᠦᠭᠡᠷᠦᠮᠵᠢ ᠶᠢ ᠵᠢᠷᠤᠵᠤ ᠲᠥᠯᠥᠪᠯᠡᠬᠦ᠂ ᠦᠢᠯᠡᠳᠬᠦ᠂ ᠪᠣᠬᠢᠷᠲᠤᠯ ᠦᠭᠡᠢ ᠴᠠᠬᠢᠯᠭᠠᠨ ᠤ ᠦᠷᠳᠡᠭᠡ ᠶᠢᠨ ᠪᠦᠳᠦᠬᠡᠨ ᠪᠠᠶᠢᠭᠤᠯᠤᠯᠲᠠ ᠶᠢ ᠡᠵᠡᠩᠨᠡᠵᠦ ᠪᠤᠢ᠃ ᠲᠤᠰ ᠲᠦᠷᠦᠯ ᠵᠦᠢᠯ 166 ᠮᠥ ᠭᠠᠵᠡᠷ ᠡᠵᠡᠯᠡᠵᠦ᠂ ᠡᠨᠡ ᠵᠢᠯ ᠤᠨ 3 ᠰᠠᠷ᠎ᠠ ᠳᠤ ᠪᠠᠷᠢᠯᠭ᠎ᠠ ᠪᠠᠨ ᠡᠬᠢᠯᠡᠭᠦᠯᠤᠨ᠂ ᠪᠠᠷᠠᠭᠤᠨ ᠬᠤᠶᠢᠲᠤ ᠣᠷᠣᠨ ᠳᠤ ᠰᠠᠯᠬᠢᠨ ᠬᠦᠴᠦᠨ ᠤ ᠴᠠᠬᠢᠯᠭᠠᠨ ᠤ ᠰᠤᠪᠤᠷᠭ᠎ᠠ ᠦᠢᠯᠡᠳᠪᠦᠷᠢᠯᠡᠬᠦ ᠴᠢᠳᠠᠪᠤᠷᠢ ᠪᠠᠷ ᠬᠠᠮᠤᠭ ᠤᠨ ᠲᠤᠮᠤ ᠠᠵᠤ ᠠᠬᠤᠶᠢᠯᠠᠯ ᠪᠤᠯᠵᠡᠢ᠃ ᠤᠳᠤᠬᠠᠨ ᠳᠤ᠂ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠨᠢ ᠥᠪᠥᠷ ᠮᠣᠩᠭᠤᠯ᠂ ᠨᠢᠩᠰᠢᠶᠠ᠂ ᠭᠠᠨᠰᠦ᠂ ᠰᠢᠨᠵᠢᠶᠠᠩ ᠵᠡᠷᠭᠡ ᠭᠠᠵᠠᠷ ᠢ ᠬᠠᠮᠤᠷᠴᠤ᠂ ᠵᠢᠯ ᠤᠨ ᠦᠢᠯᠡᠳᠬᠦᠨ ᠤ ᠥᠷᠲᠡᠭ ᠨᠢ 15 ᠳ᠋ᠦᠩᠰᠢᠭᠤᠷ ᠲᠥᠭᠦᠷᠢᠭ ᠲᠤ ᠬᠦᠷᠴᠦ᠂ ᠪᠠᠷᠤᠭ 400 ᠠᠵᠢᠯ ᠤᠨ ᠪᠠᠶᠢᠷᠢ ᠪᠠ ᠠᠯᠠᠱᠠ ᠣᠷᠣᠨ ᠤ ᠵᠢᠯ ᠪᠦᠷᠢ ᠶᠢᠨ 5GW ᠶᠢᠨ ᠰᠠᠯᠬᠢᠨ ᠬᠦᠴᠦᠨ ᠤ ᠴᠠᠬᠢᠯᠭᠠᠨ ᠤ ᠰᠤᠪᠤᠷᠭ᠎ᠠ ᠶᠢᠨ ᠬᠡᠷᠡᠭᠴᠡᠭᠡ ᠶᠢ ᠬᠠᠩᠭᠠᠵᠤ ᠳᠡᠶᠢᠯᠬᠦ ᠪᠣᠯᠤᠨ᠎ᠠ᠃   ᠺᠣᠮᠫᠠᠨᠢ ᠶᠢᠨ ᠨᠢᠭᠡᠳᠦᠭᠡᠷ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠰᠤᠪᠤᠷᠭ᠎ᠠ ᠦᠢᠯᠡᠳᠬᠦ ᠲᠥᠷᠥᠯ ᠵᠦᠢᠯ ᠤᠨ ᠶᠡᠷᠦᠩᠬᠡᠢ ᠪᠡᠯᠡ ᠤᠷᠤᠭᠤᠯᠤᠯᠳᠠ ᠨᠢ 1 ᠳ᠋ᠦᠩᠰᠢᠭᠤᠷ ᠲᠥᠭᠦᠷᠢᠭ ᠲᠤ ᠬᠦᠷᠴᠦ᠂ ᠬᠤᠶᠠᠳᠤᠭᠠᠷ ᠬᠤᠭᠤᠴᠠᠭᠠᠨ ᠳᠤ ᠬᠡᠷᠡᠯ ᠢᠯᠴᠢ ᠪᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 8 ᠳ᠋ᠦᠩᠰᠢᠭᠤᠷ ᠲᠥᠭᠦᠷᠢᠭ ᠪᠣᠯᠤᠨ᠎ᠠ᠃ ᠲᠤᠰ ᠲᠦᠷᠦᠯ ᠵᠦᠢᠯ ᠤᠨ ᠠᠰᠢᠭᠯᠠᠯᠳᠠ ᠳᠤ ᠤᠷᠤᠭᠰᠠᠨ ᠨᠢ ᠮᠠᠨ ᠤ ᠠᠶᠢᠮᠠᠭ ᠤᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠬᠤᠭᠤᠰᠤᠨ ᠢ ᠨᠦᠬᠦᠪᠦᠷᠢᠯᠡᠵᠦ᠂ ᠪᠥᠬᠦ ᠠᠶᠢᠮᠠᠭ ᠤᠨ ᠳ᠋ᠦᠩᠰᠢᠭᠤᠷ ᠮᠢᠩᠭᠠᠨ ᠲᠦᠮᠡᠨ ᠲᠠᠰ ᠤᠨ ᠰᠢᠨ᠎ᠡ ᠡᠨᠧᠷᠭᠢ ᠶᠢᠨ ᠲᠣᠮᠣ ᠰᠠᠭᠤᠷᠢᠨ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号