ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2024/8/20
    ᠤᠢᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠤ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠦᠭᠡ ᠬᠡᠯᠡᠪᠡ᠃    ᠸᠠᠩ ᠯᠢ ᠰᠢᠶᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠠ ᠬᠤᠷᠠᠯ ᠪᠣᠯ ᠰᠢᠨ᠎ᠡ ᠭᠠᠷᠤᠭ᠎ᠠ ᠠᠴᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠢ ᠥᠷᠭᠡᠴᠡ ᠪᠠ ᠭᠦᠨᠴᠡ ᠲᠡᠶᠢᠰᠢ ᠠᠬᠢᠭᠤᠯᠬᠤ ᠪᠠᠰᠠ ᠨᠢᠭᠡ ᠤᠳᠠᠭ᠎ᠠ ᠶᠢᠨ ᠶᠡᠷᠦᠩᠬᠡᠢ ᠲᠠᠶᠢᠴᠢᠯᠠᠯᠳᠠ᠂ ᠶᠡᠷᠦᠩᠬᠡᠢ ᠪᠠᠶᠢᠷᠢᠯᠠᠭᠤᠯᠤᠯᠲᠠ ᠪᠣᠯᠤᠨ᠎ᠠ᠂ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠡᠷᠬᠡᠪᠰᠢ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠦᠬᠦᠳᠠ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠳᠡᠭᠡᠳᠦ ᠬᠡᠮᠵᠢᠶ᠎ᠡ ᠪᠠᠷ ᠨᠢᠭᠡᠳᠭᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠠ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠤᠬᠠᠮᠰᠠᠷ ᠠᠴᠠ ᠪᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠭᠦᠢᠴᠡᠳᠭᠡᠭᠴᠢ᠂ ᠦᠢᠯᠡᠳᠦᠯᠭᠡᠵᠢᠬᠦᠯᠦᠭᠴᠢ᠂ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠲᠥᠪ ᠤᠨ ᠲᠣᠭᠲᠠᠭᠠᠯ ᠳᠤ ᠳᠤᠷᠠᠳᠤᠭᠰᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠳᠤ ᠳᠤᠷᠠᠳᠤᠭᠰᠠᠨ ᠥᠭᠡᠷᠡᠴᠢᠯᠡᠯᠲᠡ ᠶᠢᠨ ᠡᠭᠦᠷᠭᠡ ᠶᠣᠰᠣᠭᠠᠷ᠂ ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠭᠦᠨᠵᠡᠭᠡᠶ ᠰᠤᠳᠤᠯᠵᠤ᠂ ᠲᠣᠬᠢᠷᠠᠭᠤᠯᠤᠯᠲᠠ ᠪᠠᠨ ᠴᠢᠩᠭᠠᠳᠬᠠᠵᠤ᠂ ᠴᠠᠭ ᠲᠤᠬᠠᠶ ᠳᠤᠨᠢ ᠳᠠᠭᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠯᠪᠠᠰᠤᠷᠠᠩᠭᠤᠶ ᠪᠣᠯᠬᠤ ᠪᠤᠯᠭᠠᠨ ᠲᠡᠷᠡ ᠲᠠᠷᠤᠢ ᠳᠤᠨᠢ ᠨᠡᠶᠢᠲᠡᠯᠡᠵᠦ᠂ ᠡᠷᠲᠡᠬᠡᠨ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠶ᠃ ᠭᠤᠣᠯᠳᠠᠯᠭ᠎ᠠ ᠶᠢ ᠲᠤᠪᠤᠶᠢᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠥᠭᠡᠷᠡᠴᠢᠯᠡᠯᠲᠡ ᠶᠢᠨ ᠰᠡᠳᠭᠢᠮᠵᠢ ᠪᠣᠯᠤᠨ ᠠᠷᠭ᠎ᠠ ᠬᠡᠮᠵᠶ᠊ ᠡᠶ᠎ᠡ ᠪᠠᠷ ᠲᠠᠪᠤᠨ ᠶᠡᠭᠡ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠳᠠᠭᠠᠨ ᠨᠡᠩ ᠴᠢᠳᠠᠮᠠᠭᠠᠢ ᠪᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠬᠠᠭᠤᠳᠠᠰᠤ ᠶᠢ ᠰᠠᠶᠢᠲᠤᠷ ᠪᠢᠴᠢᠭᠯᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠤᠲᠤᠭ ᠪᠡᠯᠴᠢᠭᠡᠷ ᠲᠤ ᠬᠡᠲᠦᠷᠡᠲᠡᠯ᠎ᠡ ᠮᠠᠯᠵᠢᠬᠤ᠂ ᠤᠰᠤᠨ ᠤ ᠡᠬᠢ ᠪᠠᠶᠠᠯᠢᠭ ᠢ ᠪᠦᠷᠢᠯᠭᠡᠨ ᠰᠦᠢᠳᠭᠡᠬᠦ᠂ ᠠᠵᠤ ᠦᠢᠯᠡᠰ ᠨᠢ ᠡᠨᠧᠷᠬᠢ ᠪᠠ ᠬᠦᠨᠳᠦ ᠠᠵᠤ ᠦᠢᠯᠡᠳᠪᠤᠷᠢ ᠳᠤ ᠭᠡᠳᠦᠷᠭᠡᠢ ᠲᠦᠰᠢᠭᠯᠡᠬᠦ ᠵᠡᠷᠭᠡ ᠲᠦᠭᠵᠢᠷᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠢᠭᠡ ᠵᠦᠢᠯ ᠤᠨ ᠥᠭᠡᠷᠡᠴᠢᠯᠡᠯᠲᠡ ᠶᠢ ᠠᠳᠬᠤᠵᠤ ᠨᠢᠭᠡ ᠠᠰᠠᠭᠤᠳᠠᠯ ᠢ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠶ᠃ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠥᠭᠡᠷᠡᠴᠢᠯᠡᠯᠲᠡ ᠶᠢ ᠠᠬᠢᠭᠤᠯᠵᠤ ᠂ ᠰᠢᠯᠭᠠᠯᠲᠠ ᠲᠤᠰᠢᠶᠠᠬᠤ ᠤᠬᠠᠮᠰᠠᠷ᠂ ᠳᠠᠩᠰᠠ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠪᠣᠯᠤᠨ ᠡᠵᠡᠨ ᠬᠥᠮᠦᠨ ᠤ ᠤᠬᠠᠮᠰᠠᠷ ᠢᠶᠠᠨ ᠴᠢᠩᠭᠠᠳᠬᠠᠵᠤ᠂ ᠬᠦᠯᠢᠶᠡᠬᠦ ᠦᠭᠡᠢ ᠲᠦᠰᠢᠭᠯᠡᠬᠦ ᠦᠭᠡᠢ᠂ ᠵᠣᠷᠢᠭᠲᠠᠢ ᠡᠭᠦᠷᠭᠡᠯᠡᠵᠦ᠂ ᠴᠢᠳᠠᠮᠠᠭᠠᠢ ᠡᠭᠦᠷᠭᠡᠯᠡᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠦᠨᠡᠨ ᠪᠣᠳᠠᠲᠠᠢ ︽ᠦᠷ᠎ᠡ ᠪᠦᠲᠦᠮᠵᠢ︾ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃    ᠸᠠᠩ ᠯᠢ ᠰᠢᠶᠠ᠂ ᠭᠤᠷᠪᠠᠳᠤᠭᠠᠷ ᠤᠯᠠᠷᠢᠯ ᠨᠢᠭᠡᠨᠲᠡ ᠬᠠᠭᠠᠰ ᠦᠩᠭᠡᠷᠡᠯ᠎ᠡ᠂ ᠪᠦᠬᠦ ᠵᠢᠯ ᠤᠨ ᠬᠠᠷᠠᠯᠲᠠ ᠡᠭᠦᠷᠭᠡ ᠶᠢ ᠪᠠᠲᠤ ᠡᠵᠡᠮᠳᠡᠵᠦ᠂ ᠠᠵᠤ ᠠᠬᠤᠢ ᠶᠢᠨ ᠡᠷᠭᠢᠯᠲᠡ ᠶᠢᠨ ᠲᠤᠬᠢᠷᠠᠭᠤᠯᠤᠯᠳᠠ ᠶᠢ ᠴᠢᠩᠭᠠᠳᠬᠠᠵᠤ᠂ ︽ᠵᠢᠷᠭᠤᠭᠠᠨ ᠢᠨᠵᠧᠨᠧᠷᠢᠩ︾ ᠢ ᠲᠦᠷᠭᠡᠳᠭᠡᠨ ᠠᠬᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠢᠯᠠᠩᠭᠤᠶ᠎ᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠠᠵᠤ ᠠᠬᠤᠢ ᠶᠢᠨ ᠲᠣᠭᠲᠠᠭᠤᠨ ᠢᠶᠠᠷ ᠭᠦᠭᠵᠢᠬᠦ ᠴᠢᠨᠠᠷ ᠰᠠᠶᠢᠲᠠᠢ ᠭᠦᠭᠵᠢᠬᠦ ᠰᠠᠶᠢᠨ ᠰᠠᠶᠢᠬᠠᠨ ᠪᠠᠶᠢᠳᠠᠯ ᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号