ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠠᠵᠤ ᠠᠬᠤᠢ ᠶᠢᠨ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/8/20
   8 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠠᠵᠤ ᠠᠬᠤᠢ ᠶᠢᠨ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃   ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠠᠰᠠᠭ ᠤᠨ ᠠᠵᠢᠯ ᠤᠨ ᠠᠮᠵᠢᠯᠲᠠ ᠶᠢᠨ ᠲᠤᠬᠠᠢ ᠵᠦᠪ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠦᠨᠡᠨ ᠠᠴᠠ ᠵᠥᠪ ᠢ ᠡᠷᠢᠵᠦ ᠬᠥᠭᠵᠢᠯᠲᠡ ᠶᠢ ᠡᠷᠢᠯᠬᠢᠯᠡᠨ᠂ ᠬᠥᠭᠵᠢᠯᠲᠡ ᠶᠢ ᠠᠳᠬᠤᠵᠤ᠂ ᠠᠵᠤ ᠠᠬᠤᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠦᠷᠭᠦᠯᠵᠢᠯᠡᠨ ᠬᠦᠴᠦᠯᠡᠵᠦ ᠪᠠᠶᠢᠭᠠᠳ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠤᠨ᠂ ᠪᠡᠯᠡ ᠣᠷᠣᠭᠤᠯᠤᠯᠲᠠ ᠶᠢ ᠥᠷᠭᠡᠳᠭᠡᠬᠦ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠨ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠵᠤ᠂ ᠡᠯ᠎ᠡ ᠱᠠᠲᠤᠨ ᠤ ᠥᠷᠢ ᠥᠭᠴᠡᠭᠡ ᠶᠢ ᠠᠷᠢᠯᠭᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ︽ᠠᠷᠪᠢᠴᠢ ᠭᠠᠮᠳᠠᠢ ᠠᠮᠢᠳᠤᠷᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠢ ᠭᠦᠢᠴᠡᠳ ᠰᠠᠶᠢᠲᠤᠷ ᠬᠡᠷᠡᠭᠯᠡᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠶᠡᠷᠦᠩᠬᠡᠶᠢᠯᠡᠭᠰᠡᠨ ᠡᠳ᠋ ᠤᠨ ᠬᠦᠴᠦᠨ ᠢ ᠪᠤᠵᠠᠭᠠᠶᠢᠷᠠᠭᠤᠯᠵᠤ᠂ ᠰᠢᠨ᠎ᠠ ᠥᠷᠢ ᠥᠭᠴᠡᠭᠡ ᠨᠡᠮᠡᠭᠳᠡᠭᠦ ᠶᠢ ᠡᠷᠡᠰ ᠬᠤᠷᠢᠭᠯᠠᠵᠤ᠂ ᠪᠠᠯᠠ ᠲᠣᠬᠢᠷᠠᠭᠤᠯᠬᠤ ᠲᠠᠪᠴᠠᠩ ᠤᠨ ᠥᠷᠢ ᠥᠭᠴᠡᠭᠡ ᠶᠢᠨ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠲᠦᠷᠢᠮ ᠤᠨ ᠬᠡᠷᠡᠭᠵᠢᠭᠦᠯᠦᠯᠲᠡ ᠶᠢ ᠴᠢᠩᠭᠠᠳᠬᠠᠵᠤ᠂ ᠱᠠᠩᠨᠠᠵᠤ ᠲᠣᠷᠭᠠᠬᠤ ᠶᠢ ᠲᠣᠳᠣᠷᠬᠠᠢ ᠪᠠᠶᠢᠯᠭᠠᠬᠤ ᠶᠢ ᠪᠠᠷᠢᠮᠲᠠᠯᠠᠵᠤ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠭᠢᠯ ᠲᠠᠯᠪᠢᠨ ᠪᠦᠬᠦ ᠬᠦᠴᠦᠨ ᠢᠶᠠᠷ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃   ᠬᠤᠷᠠᠯ ᠠᠴᠠ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽︿ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠲᠠᠭᠠᠯ﹀ ᠤᠨ ᠲᠤᠬᠠᠢ ᠲᠣᠳᠣᠷᠬᠠᠶᠢᠯᠠᠯᠲᠠ︾ ᠶᠢ ᠤᠯᠠᠮᠵᠢᠯᠠᠨ ᠰᠤᠷᠤᠯᠴᠠᠵᠦ᠂ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠡᠵᠡᠮᠰᠢᠵᠦ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠲᠠ ᠬᠤᠷᠠᠯ ᠤᠨ ︽ᠲᠣᠭᠲᠠᠭᠠᠯ︾ ᠳᠤ ᠲᠣᠭᠲᠠᠭᠠᠭᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠲᠣᠭᠲᠠᠴᠠ ᠪᠠᠨ ᠥᠭᠡᠷᠡᠴᠢᠯᠡᠬᠦ᠂ ᠪᠠᠶᠢᠷᠢᠯᠠᠭᠤᠯᠤᠯᠲᠠ ᠪᠠᠨ ᠥᠭᠡᠷᠡᠴᠢᠯᠡᠬᠦ᠂ ᠰᠤᠷᠲᠠᠯ ᠢᠶᠠᠨ ᠰᠠᠶᠢᠵᠢᠷᠠᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠤᠮᠳᠠᠬᠢ ᠬᠠᠷᠰᠢ ᠰᠠᠭᠠᠳ ᠢ ᠬᠦᠴᠦᠯᠡᠨ ᠰᠢᠢᠳᠪᠦᠷᠢᠯᠡᠵᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠠᠵᠤ ᠠᠬᠤᠢ ᠶᠢᠨ ᠬᠥᠭᠵᠢᠯᠲᠡ ᠶᠢᠨ ᠲᠦᠪᠰᠢᠨ᠂ ᠨᠡᠶᠢᠭᠡᠮ ᠤᠨ ᠵᠠᠰᠠᠯᠲᠠ ᠶᠢᠨ ᠲᠦᠪᠰᠢᠨ᠂ ᠣᠯᠠᠨ ᠲᠦᠮᠡᠨ ᠳᠤ ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠵᠦ᠂ ᠥᠭᠡᠷᠡᠴᠢᠯᠡᠯᠲᠡ ᠶᠢᠨ ᠶᠠᠰᠤ ᠴᠢᠨᠠᠷ ᠦᠷ᠎ᠡ ᠪᠦᠲᠦᠮᠵᠢ ᠪᠠᠷ ᠬᠥᠭᠵᠢᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠠᠴᠠ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠡᠭᠦᠷᠭᠡ ᠶᠢ ᠨᠠᠷᠢᠯᠢᠭᠵᠢᠭᠤᠯᠤᠨ ᠬᠤᠪᠢᠶᠠᠷᠢᠯᠠᠵᠤ᠂ ᠥᠭᠡᠷᠡᠴᠢᠯᠡᠯᠲᠡ ᠶᠢ ᠠᠯᠢ ᠲᠦᠷᠭᠡᠨ ᠢᠶᠠᠷ ︽ᠦᠷ᠎ᠡ ᠪᠦᠲᠦᠮᠵᠢ︾ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号