ᠤᠶᠢᠷ᠎ᠠ ᠶᠢᠨ ᠡᠳᠦᠷ᠂ ᠬᠤᠶᠠᠷᠬᠤᠳᠳᠤᠭ ᠤᠨ ᠬᠦᠳᠡᠭᠡ ᠠᠮᠢ ᠠᠬᠤᠢ ᠨᠡᠬᠦᠳᠡᠯ ᠠᠷᠠᠳ ᠤᠨ ᠵᠢᠱᠢᠶ᠎ᠡ | ᠦᠵᠡᠬᠦᠯᠬᠦ ᠤᠷᠤᠨ ᠤ ᠤᠨᠴᠠᠯᠢᠭᠲᠤ ᠲᠠᠷᠢᠮᠠᠯ ᠡᠯᠪᠡᠭ ᠬᠤᠷᠢᠶᠠᠯᠲᠠ ᠪᠠᠨ ᠤᠭᠳᠤᠨ ᠠᠪᠴᠢᠷᠠᠵᠦ᠂ ᠵᠢᠭᠳᠡᠷᠡᠨ | ᠤᠷᠭᠤᠭᠰᠠᠨ ᠲᠠᠷᠢᠮᠠᠯ ᠤᠨ ᠲᠤᠮᠳᠠ ᠮᠠᠰᠢᠨ ᠬᠦᠷᠴᠢᠬᠢᠨᠡᠨ᠂ ᠲᠠᠷᠢᠶᠠᠴᠢᠳ ᠡᠯᠪᠡᠭ ᠬᠤᠷᠢᠶᠠᠯᠲᠠ ᠶᠢᠨ ᠪᠠᠶᠠᠷ ᠲᠠᠭᠠᠨ | ᠱᠤᠩᠪᠠᠵᠦ ᠪᠠᠶᠢᠯ᠎ᠠ᠃ | ᠴᠢ ᠯᠢᠨ ᠲᠠᠷᠪᠤᠰ ᠤᠨ ᠬᠦᠯᠡᠮᠵᠢ ᠳᠤ ᠲᠡᠷᠢᠶᠠᠴᠢᠳ ᠭᠤᠸᠠᠩᠵᠸᠤ ᠶᠢᠨ ᠠᠷᠠᠯᠵᠢᠶᠠᠴᠢᠨ ᠤ ᠲᠤᠮᠤ | ᠲᠡᠭᠡᠭᠡᠪᠦᠷᠢ ᠶᠢᠨ ᠮᠠᠰᠢᠨ ᠳᠤ ᠲᠠᠷᠪᠤᠰ ᠰᠠᠪᠠᠯᠠᠵᠣ ᠶᠠᠭᠠᠷᠠᠨ᠎ᠠ᠃ ᠴᠢ ᠯᠢᠨ ᠲᠠᠷᠪᠤᠰ ᠤᠨ ᠲᠠᠷᠢᠮᠠᠯ ᠤᠨ | ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠤᠯ ᠵᠢᠱᠢᠶ᠎ᠡ ᠦᠵᠡᠬᠦᠯᠬᠦ ᠤᠷᠤᠨ ᠤ 2023 ᠣᠨ ᠳᠤ | ᠤᠷᠢᠨ ᠠᠪᠴᠢᠷᠠᠭᠰᠠᠨ ᠣᠨᠴᠠᠯᠢᠭᠲᠤ ᠲᠠᠷᠢᠮᠠᠯ ᠤᠨ ᠠᠵᠤ ᠦᠢᠯᠡᠰ ᠤᠨ ᠲᠦᠷᠦᠯ ᠵᠦᠢᠯ ᠪᠣᠯᠣᠨ᠎ᠠ᠃ ᠲᠣᠰ ᠲᠥᠷᠥᠯ | ᠵᠦᠢᠯ ᠨᠢ ︽ᠺᠣᠮᠫᠠᠨᠢ + ᠬᠤᠷᠰᠢᠶᠠᠵᠢᠯ + ᠲᠠᠷᠢᠶᠠᠴᠢᠨ ᠡᠷᠦᠬᠡ︾ ᠶᠢᠨ ᠵᠠᠭᠪᠤᠷ ᠢᠶᠠᠷ ᠺᠣᠮᠫᠠᠨᠢ ᠠᠴᠠ ᠪᠥᠬᠦ | ᠲᠠᠯ᠎ᠠ ᠶᠢᠨ ᠡᠵᠡᠩᠨᠡᠯᠳᠡ ᠶᠢ ᠬᠢᠵᠣ᠂ ᠭᠠᠴᠠᠭᠠᠨ ᠤ ᠬᠠᠮᠲᠤ ᠨᠡᠶᠢᠲᠡ ᠠᠴᠠ ᠰᠠᠭᠤᠷᠢ ᠲᠥᠬᠦᠭᠡᠷᠦᠮᠵᠢ ᠬᠠᠩᠭᠠᠬᠤ ᠶᠢ | ᠬᠠᠷᠢᠭᠤᠴᠠᠨ᠂ ᠲᠠᠷᠢᠶᠠᠴᠢᠳ ᠤᠨ ᠭᠠᠵᠠᠷ ᠰᠢᠷᠣᠢ ᠶᠢ ᠡᠷᠭᠢᠯᠲᠡ ᠳᠤ ᠤᠷᠤᠭᠤᠯᠬᠤ᠂ ᠬᠥᠯᠥᠰᠦᠨ ᠠᠵᠢᠯ ᠬᠢᠬᠦ᠂ | ᠬᠦᠯᠡᠮᠵᠢ ᠳᠤ ᠳᠠᠷᠢᠬᠤ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠡᠮᠵᠢᠨ ᠲᠠᠷᠢᠶᠠᠴᠢᠳ ᠤᠨ ᠤᠷᠤᠯᠭ᠎ᠠ ᠶᠢ | ᠨᠡᠮᠡᠭᠳᠡᠬᠦᠯᠵᠣ ᠪᠠᠶᠢᠨ᠎ᠠ᠃ ᠲᠤᠰ ᠰᠠᠭᠤᠷᠢᠨ ᠭᠠᠵᠠᠷ ᠨᠢ ᠨᠢᠳᠤᠨᠤᠨ ᠵᠢᠯ ᠲᠠᠷᠪᠤᠰ ᠳᠣᠷᠰᠢᠵᠣ ᠳᠠᠷᠢᠭᠠᠳ ᠠᠮᠵᠢᠯᠲᠠ | ᠤᠯᠤᠭᠰᠠᠨ ᠲᠤᠯᠡ ᠡᠨᠡ ᠵᠢᠯ ᠳᠠᠷᠢᠬᠤ ᠬᠡᠪᠴᠢᠶ᠎ᠡ ᠪᠠᠨ ᠦᠷᠭᠡᠳᠭᠡᠨ᠂ ᠨᠢᠳᠤᠨᠤᠨ ᠤ 574 ᠮᠦ ᠠᠴᠠ ᠡᠨᠡ ᠵᠢᠯ | 3500 ᠮᠦ ᠪᠣᠯᠭᠠᠵᠣ ᠨᠡᠮᠡᠭᠳᠡᠬᠦᠯᠣᠨ᠂ ᠡᠬᠦᠨ ᠤ ᠳᠠᠭᠠᠣ ᠳᠠᠷᠢᠬᠤ ᠮᠡᠷᠭᠡᠵᠢᠯ ᠢ ᠰᠠᠶᠢᠵᠢᠷᠠᠭᠤᠯᠵᠣ᠂ ᠴᠠᠭ ᠬᠤᠪᠢᠶᠠᠨ | ᠴᠢᠬᠢ ᠪᠤᠶᠢᠵᠢᠭᠤᠯᠣᠨ ᠳᠠᠷᠢᠵᠣ᠂ ᠮᠦ ᠪᠦᠷᠢ ᠠᠴᠠ ᠨᠢᠭᠡ ᠲᠦᠮᠡ ᠭᠠᠷᠤᠢ ᠵᠢᠩ ᠣᠨᠠᠯᠳᠠ ᠲᠠᠢ ᠪᠣᠯᠵᠣ᠂ ᠤᠳᠤ | ᠨᠢᠬᠡᠳᠤᠭᠡᠷ ᠪᠦᠯᠦᠭ ᠲᠠᠷᠪᠤᠰ ᠢᠶᠠᠨ ᠪᠡᠬᠡᠵᠢᠩ᠂ ᠲᠢᠶᠠᠨᠵᠢᠨ᠂ ᠱᠠᠩᠬᠠᠢ᠂ ᠰᠢᠶᠠᠩᠭᠠᠩ ᠵᠡᠷᠭᠡ ᠭᠠᠵᠠᠷ ᠲᠤ | ᠪᠣᠷᠣᠯᠠᠭᠤᠯᠵᠡᠢ᠃ | ︽ᠴᠢ ᠯᠢᠨ ᠲᠠᠷᠪᠤᠰ ᠠᠮᠳᠠᠯᠢᠭ᠂ ᠦᠷ᠎ᠡ ᠨᠢ ᠪᠠᠭ᠎ᠠ ᠪᠠᠶᠢᠳᠠᠭ ᠢᠶᠠᠷ ᠤᠯᠠᠨ ᠤ ᠬᠦᠷᠢᠶᠡᠯᠡᠯ ᠢ ᠣᠯᠵᠡᠢ᠃ | ᠨᠢᠳᠤᠨᠤᠨ ᠤ ᠲᠠᠷᠪᠤᠰ ᠵᠢᠩ ᠪᠦᠷᠢ ᠳᠡᠭᠡᠨ 0.8 ᠲᠦᠭᠦᠷᠢᠭ ᠲᠤ ᠬᠦᠷᠴᠣ᠂ ᠡᠨᠡ ᠵᠢᠯ ᠤᠨ ᠨᠢᠭᠡᠳᠦᠭᠡᠷ ᠪᠦᠯᠦᠭ ᠤᠨ | ᠲᠠᠷᠪᠤᠰ ᠵᠢᠩ ᠪᠦᠷᠢ 3 — 3.5 ᠲᠥᠭᠦᠷᠢᠭ ᠤᠨ ᠦᠨᠳᠦᠷ ᠦᠨ᠎ᠡ ᠳᠤ ᠬᠦᠷᠴᠣ᠂ ᠪᠤᠷᠤᠯᠠᠭᠤᠯᠭ᠎ᠠ ᠴᠦ ᠮᠠᠰᠢ | ᠰᠠᠶᠢᠨ ᠪᠠᠶᠢᠨ᠎ᠠ︾ ᠬᠡᠵᠤ ᠠᠯᠠᠱᠠ ᠠᠶᠢᠮᠠᠭ ᠤᠨ ᠯᠢᠦᠢ ᠰᠢᠨ ᠴᠢ ᠯᠢᠨ ᠲᠠᠷᠪᠤᠰ ᠤᠨ ᠨᠡᠭᠡᠭᠡᠨ ᠬᠦᠭᠵᠢᠭᠦᠯᠬᠦ | ᠬᠢᠵᠠᠭᠠᠷᠲᠤ ᠺᠣᠮᠫᠠᠨᠢ ᠶᠢᠨ ᠳᠠᠭᠠᠭᠠᠮᠠᠯ ᠳ᠋ᠠᠶ ᠮᠢᠨ ᠯᠢ ᠶᠠᠷᠢᠨ᠎ᠠ᠃ | ᠵᠢᠷᠭᠠᠯᠰᠠᠶᠢᠬᠠᠨ ᠪᠠᠯᠭᠠᠰᠤᠨ ᠤ ᠬᠦᠪᠴᠢ ᠭᠠᠴᠠᠭᠠᠨ ᠤ ᠲᠠᠷᠢᠶᠠᠴᠢᠨ ᠰᠢᠦᠢ ᠱᠧᠦ ᠵᠢᠶᠦ᠋ᠨ ᠨᠢᠳᠤᠨᠤᠨ ᠵᠢᠯ | 300 ᠮᠦ ᠨᠠᠩᠭᠤᠸᠠ ᠲᠠᠷᠢᠵᠤ ᠠᠮᠵᠢᠯᠳᠠ ᠤᠯᠤᠭᠠᠳ ᠡᠨᠡ ᠵᠢᠯ 1000 ᠮᠦ ᠪᠣᠯᠭᠠᠵᠣ ᠳᠠᠷᠢᠨ᠂ ᠮᠦ ᠪᠦᠷᠢ ᠳᠤ | 1000 ᠰᠠᠭᠤᠷᠢ ᠨᠠᠩᠭᠤᠸᠠ ᠶᠢᠨ ᠴᠢᠬᠢ ᠰᠠᠭᠤᠯᠭᠠᠵᠤ᠂ ᠨᠡᠶᠢᠲᠡ 2000 ᠭᠠᠷᠤᠢ ᠵᠢᠩ ᠨᠠᠩᠭᠤᠸᠠ | ᠬᠤᠷᠢᠶᠠᠬᠤ ᠪᠠᠷ ᠪᠠᠶᠢᠨ᠎ᠠ᠃ ᠰᠢᠦᠢ ᠱᠧᠦ ᠵᠢᠶᠦ᠋ᠨ ᠤ ᠨᠠᠩᠭᠤᠸᠠ ᠶᠢ ᠱᠠᠨᠳᠦ᠋ᠩ ᠮᠤᠵᠢ ᠶᠢᠨ ᠬᠤᠳᠠᠯᠳᠤᠭᠠᠴᠢᠨ ᠠᠴᠠ | ᠪᠦᠬᠦᠨ ᠢ ᠬᠤᠳᠠᠯᠳᠤᠨ ᠠᠪᠬᠤ ᠪᠠᠷ ᠵᠠᠬᠢᠶᠠᠯᠠᠭ᠎ᠠ ᠢᠷᠡᠵᠣ᠂ ᠤᠳᠤ ᠨᠢᠬᠡᠨᠳᠡ 15 ᠲᠡᠷᠭᠡ ᠨᠠᠩᠭᠤᠸᠠ ᠶᠢ ᠱᠠᠨᠳᠦ᠋ᠩ | ᠮᠤᠵᠢ ᠤᠷᠤᠭᠤ ᠪᠣᠷᠣᠯᠠᠭᠤᠯᠵᠡᠢ᠃ | ᠨᠡᠷᠡᠨ ᠬᠤᠸᠠᠷ ᠤᠨ ᠤᠷᠭᠤᠯᠲᠠ ᠶᠢᠨ ᠦᠶᠡᠯᠡᠯ ᠨᠢ ᠣᠬᠤᠷ᠂ ᠵᠣᠬᠢᠴᠠᠬᠤ ᠴᠢᠨᠠᠷ ᠢᠶᠠᠷ ᠴᠢᠩᠭ᠎ᠠ᠂ ᠭᠠᠩ | ᠬᠠᠭᠰᠠᠷᠠᠭᠠᠨ ᠪᠠ ᠬᠤᠵᠢᠷ ᠲᠤ ᠲᠡᠰᠪᠦᠷᠢᠲᠡᠶ᠂ ᠤᠨᠠᠯᠲᠠ ᠨᠢ ᠶᠡᠭᠡ ᠵᠡᠷᠭᠡ ᠤᠨᠴᠠᠯᠢᠭ ᠢᠶᠠᠷ ᠵᠢᠱᠢᠶ᠎ᠡ ᠦᠵᠡᠬᠦᠯᠬᠦ | ᠤᠷᠤᠨ ᠤ ᠤᠨᠴᠠᠯᠢᠭᠳᠤ ᠲᠠᠷᠢᠮᠠᠯ ᠤᠨ ᠨᠢᠬᠡ ᠪᠣᠯᠵᠡᠢ᠃ ᠵᠢᠷᠭᠠᠯᠰᠠᠶᠢᠬᠠᠨ ᠪᠠᠯᠭᠠᠰᠤᠨ ᠤ ᠤᠯᠠᠭᠠᠨ ᠡᠩᠬᠡ | ᠭᠠᠴᠠᠭᠠᠨ ᠤ ᠳᠠᠷᠢᠶᠠᠴᠢᠨ ᠯᠢᠦ ᠯᠢ ᠵᠢᠶᠦ᠋ᠨ ᠤ 6000 ᠮᠥ ᠨᠠᠷᠠᠨ ᠬᠤᠸᠠᠷ ᠨᠢ ᠶᠠᠭ ᠬᠤᠷᠢᠶᠠᠬᠤ ᠴᠠᠭ ᠲᠠᠭᠠᠨ | ᠣᠷᠣᠵᠡᠢ᠃ ︽ᠡᠨᠡ ᠵᠢᠯ ᠤᠨ ᠨᠠᠷᠠᠨ ᠬᠤᠸᠠᠷ ᠤᠨ ᠦᠨ᠎ᠡ ᠰᠠᠶᠢᠨ᠂ ᠤᠷᠭᠤᠯᠳᠠ ᠴᠤ ᠮᠠᠰᠢ ᠰᠠᠶᠢᠨ ᠪᠣᠯᠵᠣ᠂ ᠮᠣ᠋ | ᠪᠦᠷᠢ ᠶᠢᠨ ᠤᠨᠠᠯᠲᠠ ᠨᠢ ᠪᠠᠷᠤᠭ 400 ᠭᠠᠷᠤᠢ ᠵᠢᠩ ᠬᠦᠷᠦᠨ᠎ᠡ︾ ᠭᠡᠵᠣ ᠯᠢᠦ ᠯᠢ ᠵᠢᠶᠦ᠋ᠨ ᠶᠠᠷᠢᠨ᠎ᠠ᠃ | 2024 ᠣᠨ ᠳᠤ᠂ ᠵᠢᠱᠢᠶ᠎ᠡ ᠦᠵᠡᠭᠦᠯᠬᠦ ᠣᠷᠣᠨ ᠤ ᠶᠡᠷᠤᠩᠬᠡᠢ ᠲᠠᠷᠢᠮᠠᠯ ᠤᠨ ᠲᠠᠯᠠᠪᠠᠶ 8.7 ᠲᠦᠮᠡᠨ ᠮᠥ ᠳᠤ | ᠬᠦᠷᠴᠡᠢ᠃ ᠡᠭᠦᠨ ᠳᠤ 6.9 ᠲᠦᠮᠡᠨ ᠮᠥ ᠲᠠᠷᠢᠮᠠᠯ ᠤᠨ ᠭᠠᠵᠠᠷ ᠲᠤ ᠠᠮᠤ ᠪᠣᠳᠠᠭ᠎ᠠ ᠲᠠᠷᠢᠵᠤ᠂ 1.8 ᠲᠦᠮᠡᠨ ᠮᠥ | ᠭᠠᠵᠠᠷ ᠲᠤ ᠲᠠᠷᠢᠮᠠᠯ ᠤᠨ ᠪᠦᠳᠦᠴᠡ ᠶᠢᠨ ᠲᠤᠬᠢᠷᠠᠭᠤᠯᠤᠯᠳᠠ ᠬᠢᠵᠤ᠂ ᠴᠢ ᠯᠢᠨ ᠲᠠᠷᠪᠤᠰ᠂ ᠼᠠᠨᠳᠧᠦ ᠪᠤᠷᠴᠠᠭ᠂ | ᠪᠥᠭᠡᠷᠡᠩᠬᠡᠶ ᠰᠣᠩᠭᠢᠨ᠎ᠠ᠂ ᠨᠡᠷᠡᠨ ᠬᠤᠸᠠᠷ᠂ ᠨᠠᠩᠭᠤᠸᠠ ᠵᠡᠷᠭᠡ 13 ᠵᠦᠢᠯ ᠤᠨ ᠤᠨᠴᠠᠯᠢᠭᠲᠤ ᠲᠠᠷᠢᠮᠠᠯ ᠲᠠᠷᠢᠵᠡᠢ᠃ | ᠣᠳᠣᠬᠠᠨ ᠳᠤ ᠴᠢ ᠯᠢᠨ ᠲᠠᠷᠪᠤᠰ᠂ ᠼᠠᠨᠳᠧᠦ ᠪᠤᠷᠴᠠᠭ ᠵᠡᠷᠭᠡ ᠤᠨᠴᠠᠯᠢᠭᠲᠤ ᠲᠠᠷᠢᠮᠠᠯ ᠨᠢ ᠨᠢᠭᠡᠨᠲᠡ ᠵᠠᠬ᠎ᠠ | ᠳᠡᠯᠭᠡᠭᠦᠷ ᠲᠤ ᠭᠠᠷᠴᠤ᠂ ᠪᠦᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠣᠭᠳᠠᠭᠰᠠᠨ ᠪᠠᠶᠢᠨ᠎ᠠ᠃ | ︽ᠪᠢᠳᠠ ᠦᠷᠭᠦᠯᠵᠢᠯᠡᠨ ᠲᠠᠷᠢᠮᠠᠯ ᠤᠨ ᠪᠦᠳᠦᠴᠡ ᠳᠤ ᠲᠤᠬᠢᠷᠠᠭᠤᠯᠤᠯᠳᠠ ᠬᠢᠵᠤ᠂ ᠤᠨᠴᠠᠯᠢᠬᠳᠤ ᠲᠠᠷᠢᠮᠠᠯ ᠤᠨ | ᠲᠤᠭᠤᠷᠢᠨ ᠳᠤ᠂ ᠠᠵᠤ ᠦᠢᠯᠡᠰ ᠤᠨ ᠤᠯᠠᠨ ᠡᠰᠢᠵᠢᠭᠰᠡᠨ ᠬᠥᠭᠵᠢᠯᠲᠡ ᠶᠢᠨ ᠰᠢᠨ᠎ᠡ ᠠᠷᠭ᠎ᠠ ᠵᠠᠮ ᠢ ᠲᠠᠰᠤᠷᠠᠯᠳᠠ | ᠦᠭᠡᠢ ᠡᠷᠢᠯᠬᠢᠯᠡᠵᠤ᠂ ᠮᠡᠷᠭᠡᠵᠢᠯ ᠢᠶᠠᠨ ᠰᠢᠨᠡᠴᠢᠯᠡᠨ᠂ ᠪᠣᠷᠣᠯᠠᠭᠤᠯᠭ᠎ᠠ ᠶᠢᠨ ᠵᠠᠮ ᠢ ᠥᠷᠭᠡᠳᠭᠡᠵᠦ᠂ ᠲᠤᠯᠭᠠᠭᠤᠷᠢ | ᠠᠵᠤ ᠦᠢᠯᠡᠰ ᠢ ᠬᠦᠴᠦᠷᠭᠡᠭᠵᠢᠬᠦᠯᠦᠨ᠂ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢᠶᠠᠷ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢᠨ ᠬᠠᠮᠲᠤ ᠤᠨᠴᠠᠯᠢᠬᠳᠤ ᠲᠠᠷᠢᠮᠠᠯ ᠤᠨ ᠠᠵᠤ ᠦᠢᠯᠡᠰ ᠢ ᠦᠨᠡᠨ ᠬᠦ | ᠳᠠᠪᠠᠭᠤᠯᠢᠭ ᠠᠵᠤ ᠦᠢᠯᠡᠰ᠂ ᠤᠨᠴᠠᠯᠢᠬᠳᠤ ᠠᠵᠤ ᠦᠢᠯᠡᠰ ᠪᠠ ᠲᠠᠷᠢᠶᠠᠴᠢᠳ ᠢ ᠪᠠᠶᠠᠵᠢᠭᠤᠯᠬᠤ ᠠᠵᠤ ᠦᠢᠯᠡᠰ | ᠪᠣᠯᠭᠠᠬᠤ ᠪᠠᠷ ᠴᠢᠷᠮᠠᠶᠢᠨ᠎ᠠ︾ ᠬᠡᠵᠤ ᠵᠢᠱᠢᠶ᠎ᠡ ᠦᠵᠡᠬᠦᠯᠬᠦ ᠤᠷᠤᠨ ᠤ ᠲᠠᠷᠢᠶᠠᠯᠠᠩ ᠮᠠᠯ ᠠᠵᠤ ᠠᠬᠤᠶ ᠣᠶ ᠰᠢᠭᠤᠶ | ᠤᠰᠤᠨ ᠠᠰᠢᠭᠯᠠᠯᠲᠠ ᠶᠢᠨ ᠲᠣᠪᠴᠢᠶᠠᠨ ᠤ ᠳᠡᠳ᠋ ᠳᠠᠷᠤᠭ᠎ᠠ ᠲᠠᠩ ᠯᠢ ᠯᠢ ᠶᠠᠷᠢᠯ᠎ᠠ᠃ |