ᠬᠤᠶᠠᠷᠬᠤᠳᠳᠤᠭ ᠤᠨ ᠬᠦᠳᠡᠭᠡ ᠠᠮᠢ ᠠᠬᠤᠢ ᠨᠡᠬᠦᠳᠡᠯ ᠠᠷᠠᠳ ᠤᠨ ᠵᠢᠱᠢᠶ᠎ᠡ ᠦᠵᠡᠬᠦᠯᠬᠦ ᠤᠷᠤᠨ ᠤ ᠤᠨᠴᠠᠯᠢᠭᠳᠤ ᠲᠠᠷᠢᠮᠠᠯ ᠡᠯᠪᠡᠭ ᠬᠤᠷᠢᠶᠠᠯᠳᠠ ᠤᠯᠤᠯ᠎ᠠ
ᠨᠡᠶᠢᠲᠡᠯᠡᠭᠰᠡᠨ ᠴᠠᠭ᠄
2024/8/21
    ᠤᠶᠢᠷ᠎ᠠ ᠶᠢᠨ ᠡᠳᠦᠷ᠂ ᠬᠤᠶᠠᠷᠬᠤᠳᠳᠤᠭ ᠤᠨ ᠬᠦᠳᠡᠭᠡ ᠠᠮᠢ ᠠᠬᠤᠢ ᠨᠡᠬᠦᠳᠡᠯ ᠠᠷᠠᠳ ᠤᠨ ᠵᠢᠱᠢᠶ᠎ᠡ ᠦᠵᠡᠬᠦᠯᠬᠦ ᠤᠷᠤᠨ ᠤ ᠤᠨᠴᠠᠯᠢᠭᠲᠤ ᠲᠠᠷᠢᠮᠠᠯ ᠡᠯᠪᠡᠭ ᠬᠤᠷᠢᠶᠠᠯᠲᠠ ᠪᠠᠨ ᠤᠭᠳᠤᠨ ᠠᠪᠴᠢᠷᠠᠵᠦ᠂ ᠵᠢᠭᠳᠡᠷᠡᠨ ᠤᠷᠭᠤᠭᠰᠠᠨ ᠲᠠᠷᠢᠮᠠᠯ ᠤᠨ ᠲᠤᠮᠳᠠ ᠮᠠᠰᠢᠨ ᠬᠦᠷᠴᠢᠬᠢᠨᠡᠨ᠂ ᠲᠠᠷᠢᠶᠠᠴᠢᠳ ᠡᠯᠪᠡᠭ ᠬᠤᠷᠢᠶᠠᠯᠲᠠ ᠶᠢᠨ ᠪᠠᠶᠠᠷ ᠲᠠᠭᠠᠨ ᠱᠤᠩᠪᠠᠵᠦ ᠪᠠᠶᠢᠯ᠎ᠠ᠃    ᠴᠢ ᠯᠢᠨ ᠲᠠᠷᠪᠤᠰ ᠤᠨ ᠬᠦᠯᠡᠮᠵᠢ ᠳᠤ ᠲᠡᠷᠢᠶᠠᠴᠢᠳ ᠭᠤᠸᠠᠩᠵᠸᠤ ᠶᠢᠨ ᠠᠷᠠᠯᠵᠢᠶᠠᠴᠢᠨ ᠤ ᠲᠤᠮᠤ ᠲᠡᠭᠡᠭᠡᠪᠦᠷᠢ ᠶᠢᠨ ᠮᠠᠰᠢᠨ ᠳᠤ ᠲᠠᠷᠪᠤᠰ ᠰᠠᠪᠠᠯᠠᠵᠣ ᠶᠠᠭᠠᠷᠠᠨ᠎ᠠ᠃ ᠴᠢ ᠯᠢᠨ ᠲᠠᠷᠪᠤᠰ ᠤᠨ ᠲᠠᠷᠢᠮᠠᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠤᠯ ᠵᠢᠱᠢᠶ᠎ᠡ ᠦᠵᠡᠬᠦᠯᠬᠦ ᠤᠷᠤᠨ ᠤ 2023 ᠣᠨ ᠳᠤ ᠤᠷᠢᠨ ᠠᠪᠴᠢᠷᠠᠭᠰᠠᠨ ᠣᠨᠴᠠᠯᠢᠭᠲᠤ ᠲᠠᠷᠢᠮᠠᠯ ᠤᠨ ᠠᠵᠤ ᠦᠢᠯᠡᠰ ᠤᠨ ᠲᠦᠷᠦᠯ ᠵᠦᠢᠯ ᠪᠣᠯᠣᠨ᠎ᠠ᠃ ᠲᠣᠰ ᠲᠥᠷᠥᠯ ᠵᠦᠢᠯ ᠨᠢ ︽ᠺᠣᠮᠫᠠᠨᠢ + ᠬᠤᠷᠰᠢᠶᠠᠵᠢᠯ + ᠲᠠᠷᠢᠶᠠᠴᠢᠨ ᠡᠷᠦᠬᠡ︾ ᠶᠢᠨ ᠵᠠᠭᠪᠤᠷ ᠢᠶᠠᠷ ᠺᠣᠮᠫᠠᠨᠢ ᠠᠴᠠ ᠪᠥᠬᠦ ᠲᠠᠯ᠎ᠠ ᠶᠢᠨ ᠡᠵᠡᠩᠨᠡᠯᠳᠡ ᠶᠢ ᠬᠢᠵᠣ᠂ ᠭᠠᠴᠠᠭᠠᠨ ᠤ ᠬᠠᠮᠲᠤ ᠨᠡᠶᠢᠲᠡ ᠠᠴᠠ ᠰᠠᠭᠤᠷᠢ ᠲᠥᠬᠦᠭᠡᠷᠦᠮᠵᠢ ᠬᠠᠩᠭᠠᠬᠤ ᠶᠢ ᠬᠠᠷᠢᠭᠤᠴᠠᠨ᠂ ᠲᠠᠷᠢᠶᠠᠴᠢᠳ ᠤᠨ ᠭᠠᠵᠠᠷ ᠰᠢᠷᠣᠢ ᠶᠢ ᠡᠷᠭᠢᠯᠲᠡ ᠳᠤ ᠤᠷᠤᠭᠤᠯᠬᠤ᠂ ᠬᠥᠯᠥᠰᠦᠨ ᠠᠵᠢᠯ ᠬᠢᠬᠦ᠂ ᠬᠦᠯᠡᠮᠵᠢ ᠳᠤ ᠳᠠᠷᠢᠬᠤ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠡᠮᠵᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠵᠣ ᠪᠠᠶᠢᠨ᠎ᠠ᠃ ᠲᠤᠰ ᠰᠠᠭᠤᠷᠢᠨ ᠭᠠᠵᠠᠷ ᠨᠢ ᠨᠢᠳᠤᠨᠤᠨ ᠵᠢᠯ ᠲᠠᠷᠪᠤᠰ ᠳᠣᠷᠰᠢᠵᠣ ᠳᠠᠷᠢᠭᠠᠳ ᠠᠮᠵᠢᠯᠲᠠ ᠤᠯᠤᠭᠰᠠᠨ ᠲᠤᠯᠡ ᠡᠨᠡ ᠵᠢᠯ ᠳᠠᠷᠢᠬᠤ ᠬᠡᠪᠴᠢᠶ᠎ᠡ ᠪᠠᠨ ᠦᠷᠭᠡᠳᠭᠡᠨ᠂ ᠨᠢᠳᠤᠨᠤᠨ ᠤ 574 ᠮᠦ ᠠᠴᠠ ᠡᠨᠡ ᠵᠢᠯ 3500 ᠮᠦ ᠪᠣᠯᠭᠠᠵᠣ ᠨᠡᠮᠡᠭᠳᠡᠬᠦᠯᠣᠨ᠂ ᠡᠬᠦᠨ ᠤ ᠳᠠᠭᠠᠣ ᠳᠠᠷᠢᠬᠤ ᠮᠡᠷᠭᠡᠵᠢᠯ ᠢ ᠰᠠᠶᠢᠵᠢᠷᠠᠭᠤᠯᠵᠣ᠂ ᠴᠠᠭ ᠬᠤᠪᠢᠶᠠᠨ ᠴᠢᠬᠢ ᠪᠤᠶᠢᠵᠢᠭᠤᠯᠣᠨ ᠳᠠᠷᠢᠵᠣ᠂ ᠮᠦ ᠪᠦᠷᠢ ᠠᠴᠠ ᠨᠢᠭᠡ ᠲᠦᠮᠡ ᠭᠠᠷᠤᠢ ᠵᠢᠩ ᠣᠨᠠᠯᠳᠠ ᠲᠠᠢ ᠪᠣᠯᠵᠣ᠂ ᠤᠳᠤ ᠨᠢᠬᠡᠳᠤᠭᠡᠷ ᠪᠦᠯᠦᠭ ᠲᠠᠷᠪᠤᠰ ᠢᠶᠠᠨ ᠪᠡᠬᠡᠵᠢᠩ᠂ ᠲᠢᠶᠠᠨᠵᠢᠨ᠂ ᠱᠠᠩᠬᠠᠢ᠂ ᠰᠢᠶᠠᠩᠭᠠᠩ ᠵᠡᠷᠭᠡ ᠭᠠᠵᠠᠷ ᠲᠤ ᠪᠣᠷᠣᠯᠠᠭᠤᠯᠵᠡᠢ᠃    ︽ᠴᠢ ᠯᠢᠨ ᠲᠠᠷᠪᠤᠰ ᠠᠮᠳᠠᠯᠢᠭ᠂ ᠦᠷ᠎ᠡ ᠨᠢ ᠪᠠᠭ᠎ᠠ ᠪᠠᠶᠢᠳᠠᠭ ᠢᠶᠠᠷ ᠤᠯᠠᠨ ᠤ ᠬᠦᠷᠢᠶᠡᠯᠡᠯ ᠢ ᠣᠯᠵᠡᠢ᠃ ᠨᠢᠳᠤᠨᠤᠨ ᠤ ᠲᠠᠷᠪᠤᠰ ᠵᠢᠩ ᠪᠦᠷᠢ ᠳᠡᠭᠡᠨ 0.8 ᠲᠦᠭᠦᠷᠢᠭ ᠲᠤ ᠬᠦᠷᠴᠣ᠂ ᠡᠨᠡ ᠵᠢᠯ ᠤᠨ ᠨᠢᠭᠡᠳᠦᠭᠡᠷ ᠪᠦᠯᠦᠭ ᠤᠨ ᠲᠠᠷᠪᠤᠰ ᠵᠢᠩ ᠪᠦᠷᠢ 3 — 3.5 ᠲᠥᠭᠦᠷᠢᠭ ᠤᠨ ᠦᠨᠳᠦᠷ ᠦᠨ᠎ᠡ ᠳᠤ ᠬᠦᠷᠴᠣ᠂ ᠪᠤᠷᠤᠯᠠᠭᠤᠯᠭ᠎ᠠ ᠴᠦ ᠮᠠᠰᠢ ᠰᠠᠶᠢᠨ ᠪᠠᠶᠢᠨ᠎ᠠ︾ ᠬᠡᠵᠤ ᠠᠯᠠᠱᠠ ᠠᠶᠢᠮᠠᠭ ᠤᠨ ᠯᠢᠦᠢ ᠰᠢᠨ ᠴᠢ ᠯᠢᠨ ᠲᠠᠷᠪᠤᠰ ᠤᠨ ᠨᠡᠭᠡᠭᠡᠨ ᠬᠦᠭᠵᠢᠭᠦᠯᠬᠦ ᠬᠢᠵᠠᠭᠠᠷᠲᠤ ᠺᠣᠮᠫᠠᠨᠢ ᠶᠢᠨ ᠳᠠᠭᠠᠭᠠᠮᠠᠯ ᠳ᠋ᠠᠶ ᠮᠢᠨ ᠯᠢ ᠶᠠᠷᠢᠨ᠎ᠠ᠃    ᠵᠢᠷᠭᠠᠯᠰᠠᠶᠢᠬᠠᠨ ᠪᠠᠯᠭᠠᠰᠤᠨ ᠤ ᠬᠦᠪᠴᠢ ᠭᠠᠴᠠᠭᠠᠨ ᠤ ᠲᠠᠷᠢᠶᠠᠴᠢᠨ ᠰᠢᠦᠢ ᠱᠧᠦ ᠵᠢᠶᠦ᠋ᠨ ᠨᠢᠳᠤᠨᠤᠨ ᠵᠢᠯ 300 ᠮᠦ ᠨᠠᠩᠭᠤᠸᠠ ᠲᠠᠷᠢᠵᠤ ᠠᠮᠵᠢᠯᠳᠠ ᠤᠯᠤᠭᠠᠳ ᠡᠨᠡ ᠵᠢᠯ 1000 ᠮᠦ ᠪᠣᠯᠭᠠᠵᠣ ᠳᠠᠷᠢᠨ᠂ ᠮᠦ ᠪᠦᠷᠢ ᠳᠤ 1000 ᠰᠠᠭᠤᠷᠢ ᠨᠠᠩᠭᠤᠸᠠ ᠶᠢᠨ ᠴᠢᠬᠢ ᠰᠠᠭᠤᠯᠭᠠᠵᠤ᠂ ᠨᠡᠶᠢᠲᠡ 2000 ᠭᠠᠷᠤᠢ ᠵᠢᠩ ᠨᠠᠩᠭᠤᠸᠠ ᠬᠤᠷᠢᠶᠠᠬᠤ ᠪᠠᠷ ᠪᠠᠶᠢᠨ᠎ᠠ᠃ ᠰᠢᠦᠢ ᠱᠧᠦ ᠵᠢᠶᠦ᠋ᠨ ᠤ ᠨᠠᠩᠭᠤᠸᠠ ᠶᠢ ᠱᠠᠨᠳᠦ᠋ᠩ ᠮᠤᠵᠢ ᠶᠢᠨ ᠬᠤᠳᠠᠯᠳᠤᠭᠠᠴᠢᠨ ᠠᠴᠠ ᠪᠦᠬᠦᠨ ᠢ ᠬᠤᠳᠠᠯᠳᠤᠨ ᠠᠪᠬᠤ ᠪᠠᠷ ᠵᠠᠬᠢᠶᠠᠯᠠᠭ᠎ᠠ ᠢᠷᠡᠵᠣ᠂ ᠤᠳᠤ ᠨᠢᠬᠡᠨᠳᠡ 15 ᠲᠡᠷᠭᠡ ᠨᠠᠩᠭᠤᠸᠠ ᠶᠢ ᠱᠠᠨᠳᠦ᠋ᠩ ᠮᠤᠵᠢ ᠤᠷᠤᠭᠤ ᠪᠣᠷᠣᠯᠠᠭᠤᠯᠵᠡᠢ᠃    ᠨᠡᠷᠡᠨ ᠬᠤᠸᠠᠷ ᠤᠨ ᠤᠷᠭᠤᠯᠲᠠ ᠶᠢᠨ ᠦᠶᠡᠯᠡᠯ ᠨᠢ ᠣᠬᠤᠷ᠂ ᠵᠣᠬᠢᠴᠠᠬᠤ ᠴᠢᠨᠠᠷ ᠢᠶᠠᠷ ᠴᠢᠩᠭ᠎ᠠ᠂ ᠭᠠᠩ ᠬᠠᠭᠰᠠᠷᠠᠭᠠᠨ ᠪᠠ ᠬᠤᠵᠢᠷ ᠲᠤ ᠲᠡᠰᠪᠦᠷᠢᠲᠡᠶ᠂ ᠤᠨᠠᠯᠲᠠ ᠨᠢ ᠶᠡᠭᠡ ᠵᠡᠷᠭᠡ ᠤᠨᠴᠠᠯᠢᠭ ᠢᠶᠠᠷ ᠵᠢᠱᠢᠶ᠎ᠡ ᠦᠵᠡᠬᠦᠯᠬᠦ ᠤᠷᠤᠨ ᠤ ᠤᠨᠴᠠᠯᠢᠭᠳᠤ ᠲᠠᠷᠢᠮᠠᠯ ᠤᠨ ᠨᠢᠬᠡ ᠪᠣᠯᠵᠡᠢ᠃ ᠵᠢᠷᠭᠠᠯᠰᠠᠶᠢᠬᠠᠨ ᠪᠠᠯᠭᠠᠰᠤᠨ ᠤ ᠤᠯᠠᠭᠠᠨ ᠡᠩᠬᠡ ᠭᠠᠴᠠᠭᠠᠨ ᠤ ᠳᠠᠷᠢᠶᠠᠴᠢᠨ ᠯᠢᠦ ᠯᠢ ᠵᠢᠶᠦ᠋ᠨ ᠤ 6000 ᠮᠥ ᠨᠠᠷᠠᠨ ᠬᠤᠸᠠᠷ ᠨᠢ ᠶᠠᠭ ᠬᠤᠷᠢᠶᠠᠬᠤ ᠴᠠᠭ ᠲᠠᠭᠠᠨ ᠣᠷᠣᠵᠡᠢ᠃ ︽ᠡᠨᠡ ᠵᠢᠯ ᠤᠨ ᠨᠠᠷᠠᠨ ᠬᠤᠸᠠᠷ ᠤᠨ ᠦᠨ᠎ᠡ ᠰᠠᠶᠢᠨ᠂ ᠤᠷᠭᠤᠯᠳᠠ ᠴᠤ ᠮᠠᠰᠢ ᠰᠠᠶᠢᠨ ᠪᠣᠯᠵᠣ᠂ ᠮᠣ᠋ ᠪᠦᠷᠢ ᠶᠢᠨ ᠤᠨᠠᠯᠲᠠ ᠨᠢ ᠪᠠᠷᠤᠭ 400 ᠭᠠᠷᠤᠢ ᠵᠢᠩ ᠬᠦᠷᠦᠨ᠎ᠡ︾ ᠭᠡᠵᠣ ᠯᠢᠦ ᠯᠢ ᠵᠢᠶᠦ᠋ᠨ ᠶᠠᠷᠢᠨ᠎ᠠ᠃    2024 ᠣᠨ ᠳᠤ᠂ ᠵᠢᠱᠢᠶ᠎ᠡ ᠦᠵᠡᠭᠦᠯᠬᠦ ᠣᠷᠣᠨ ᠤ ᠶᠡᠷᠤᠩᠬᠡᠢ ᠲᠠᠷᠢᠮᠠᠯ ᠤᠨ ᠲᠠᠯᠠᠪᠠᠶ 8.7 ᠲᠦᠮᠡᠨ ᠮᠥ ᠳᠤ ᠬᠦᠷᠴᠡᠢ᠃ ᠡᠭᠦᠨ ᠳᠤ 6.9 ᠲᠦᠮᠡᠨ ᠮᠥ ᠲᠠᠷᠢᠮᠠᠯ ᠤᠨ ᠭᠠᠵᠠᠷ ᠲᠤ ᠠᠮᠤ ᠪᠣᠳᠠᠭ᠎ᠠ ᠲᠠᠷᠢᠵᠤ᠂ 1.8 ᠲᠦᠮᠡᠨ ᠮᠥ ᠭᠠᠵᠠᠷ ᠲᠤ ᠲᠠᠷᠢᠮᠠᠯ ᠤᠨ ᠪᠦᠳᠦᠴᠡ ᠶᠢᠨ ᠲᠤᠬᠢᠷᠠᠭᠤᠯᠤᠯᠳᠠ ᠬᠢᠵᠤ᠂ ᠴᠢ ᠯᠢᠨ ᠲᠠᠷᠪᠤᠰ᠂ ᠼᠠᠨᠳᠧᠦ ᠪᠤᠷᠴᠠᠭ᠂ ᠪᠥᠭᠡᠷᠡᠩᠬᠡᠶ ᠰᠣᠩᠭᠢᠨ᠎ᠠ᠂ ᠨᠡᠷᠡᠨ ᠬᠤᠸᠠᠷ᠂ ᠨᠠᠩᠭᠤᠸᠠ ᠵᠡᠷᠭᠡ 13 ᠵᠦᠢᠯ ᠤᠨ ᠤᠨᠴᠠᠯᠢᠭᠲᠤ ᠲᠠᠷᠢᠮᠠᠯ ᠲᠠᠷᠢᠵᠡᠢ᠃ ᠣᠳᠣᠬᠠᠨ ᠳᠤ ᠴᠢ ᠯᠢᠨ ᠲᠠᠷᠪᠤᠰ᠂ ᠼᠠᠨᠳᠧᠦ ᠪᠤᠷᠴᠠᠭ ᠵᠡᠷᠭᠡ ᠤᠨᠴᠠᠯᠢᠭᠲᠤ ᠲᠠᠷᠢᠮᠠᠯ ᠨᠢ ᠨᠢᠭᠡᠨᠲᠡ ᠵᠠᠬ᠎ᠠ ᠳᠡᠯᠭᠡᠭᠦᠷ ᠲᠤ ᠭᠠᠷᠴᠤ᠂ ᠪᠦᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠣᠭᠳᠠᠭᠰᠠᠨ ᠪᠠᠶᠢᠨ᠎ᠠ᠃    ︽ᠪᠢᠳᠠ ᠦᠷᠭᠦᠯᠵᠢᠯᠡᠨ ᠲᠠᠷᠢᠮᠠᠯ ᠤᠨ ᠪᠦᠳᠦᠴᠡ ᠳᠤ ᠲᠤᠬᠢᠷᠠᠭᠤᠯᠤᠯᠳᠠ ᠬᠢᠵᠤ᠂ ᠤᠨᠴᠠᠯᠢᠬᠳᠤ ᠲᠠᠷᠢᠮᠠᠯ ᠤᠨ ᠲᠤᠭᠤᠷᠢᠨ ᠳᠤ᠂ ᠠᠵᠤ ᠦᠢᠯᠡᠰ ᠤᠨ ᠤᠯᠠᠨ ᠡᠰᠢᠵᠢᠭᠰᠡᠨ ᠬᠥᠭᠵᠢᠯᠲᠡ ᠶᠢᠨ ᠰᠢᠨ᠎ᠡ ᠠᠷᠭ᠎ᠠ ᠵᠠᠮ ᠢ ᠲᠠᠰᠤᠷᠠᠯᠳᠠ ᠦᠭᠡᠢ ᠡᠷᠢᠯᠬᠢᠯᠡᠵᠤ᠂ ᠮᠡᠷᠭᠡᠵᠢᠯ ᠢᠶᠠᠨ ᠰᠢᠨᠡᠴᠢᠯᠡᠨ᠂ ᠪᠣᠷᠣᠯᠠᠭᠤᠯᠭ᠎ᠠ ᠶᠢᠨ ᠵᠠᠮ ᠢ ᠥᠷᠭᠡᠳᠭᠡᠵᠦ᠂ ᠲᠤᠯᠭᠠᠭᠤᠷᠢ ᠠᠵᠤ ᠦᠢᠯᠡᠰ ᠢ ᠬᠦᠴᠦᠷᠭᠡᠭᠵᠢᠬᠦᠯᠦᠨ᠂ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢᠶᠠᠷ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢᠨ ᠬᠠᠮᠲᠤ ᠤᠨᠴᠠᠯᠢᠬᠳᠤ ᠲᠠᠷᠢᠮᠠᠯ ᠤᠨ ᠠᠵᠤ ᠦᠢᠯᠡᠰ ᠢ ᠦᠨᠡᠨ ᠬᠦ ᠳᠠᠪᠠᠭᠤᠯᠢᠭ ᠠᠵᠤ ᠦᠢᠯᠡᠰ᠂ ᠤᠨᠴᠠᠯᠢᠬᠳᠤ ᠠᠵᠤ ᠦᠢᠯᠡᠰ ᠪᠠ ᠲᠠᠷᠢᠶᠠᠴᠢᠳ ᠢ ᠪᠠᠶᠠᠵᠢᠭᠤᠯᠬᠤ ᠠᠵᠤ ᠦᠢᠯᠡᠰ ᠪᠣᠯᠭᠠᠬᠤ ᠪᠠᠷ ᠴᠢᠷᠮᠠᠶᠢᠨ᠎ᠠ︾ ᠬᠡᠵᠤ ᠵᠢᠱᠢᠶ᠎ᠡ ᠦᠵᠡᠬᠦᠯᠬᠦ ᠤᠷᠤᠨ ᠤ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ ᠠᠰᠢᠭᠯᠠᠯᠲᠠ ᠶᠢᠨ ᠲᠣᠪᠴᠢᠶᠠᠨ ᠤ ᠳᠡᠳ᠋ ᠳᠠᠷᠤᠭ᠎ᠠ ᠲᠠᠩ ᠯᠢ ᠯᠢ ᠶᠠᠷᠢᠯ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号