ᠬᠤᠸᠠᠩ ᠶᠠ ᠯᠢ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠴᠧᠩ ᠲᠤᠤ ᠲᠠᠢ ᠠᠭᠤᠯᠵᠠᠪᠠ
ᠨᠡᠶᠢᠲᠡᠯᠡᠭᠰᠡᠨ ᠴᠠᠭ᠄
2024/8/21
   8 ᠰᠠᠷ᠎ᠠ ᠶᠢᠨ 20 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠴᠧᠩ ᠲᠤᠤ ᠲᠠᠢ ᠠᠭᠤᠯᠵᠠᠪᠠ᠃
1.jpg
    ᠬᠤᠸᠠᠩ ᠶᠠ ᠯᠢ ᠴᠧᠩ ᠲᠤᠤ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠪᠡ᠃ ᠲᠡᠷᠡ᠂ ᠠᠯᠠᠱᠠ ᠤᠳᠤ ᠶᠠᠭ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠥᠭᠡᠷᠡᠴᠢᠯᠡᠯᠲᠡ ᠶᠢ ᠭᠤᠶᠢᠪᠢᠰᠢ ᠦᠭᠡᠢ ᠠᠳᠬᠤᠨ᠂ ᠰᠡᠳᠭᠢᠯ ᠬᠦᠴᠦ ᠪᠠᠨ ᠨᠢᠬᠡᠳᠬᠡᠨ ᠬᠥᠭᠵᠢᠯᠲᠡ ᠶᠢ ᠠᠬᠢᠭᠤᠯᠵᠤ ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ ᠪᠤᠢ᠃ ᠰᠢᠨᠵᠢᠯᠡᠭᠡ ᠮᠡᠷᠭᠡᠵᠢᠯ ᠪᠠ ᠴᠢᠳᠠᠪᠤᠷᠢᠲᠠᠨ ᠪᠣᠯ ᠠᠯᠠᠱᠠ ᠶᠢᠨ ᠳᠤᠪᠤᠶᠢᠮ᠎ᠠ ᠳᠤᠲᠠᠭᠤᠳᠠᠯ ᠮᠥᠨ᠂ ᠣᠳᠣᠬᠢᠴᠢᠯᠠᠭᠰᠠᠨ ᠠᠵᠤ ᠦᠢᠯᠡᠳᠪᠦᠷᠢ᠂ ᠰᠢᠨ᠎ᠡ ᠡᠨᠧᠷᠭᠢ᠂ ᠡᠯᠡᠰᠦᠷᠬᠡᠭᠵᠢᠯ ᠢ ᠰᠡᠷᠬᠡᠶᠢᠯᠡᠨ ᠡᠯᠡᠰᠦ ᠶᠢ ᠵᠠᠰᠠᠬᠤ᠂ ᠤᠨᠴᠠᠯᠢᠬᠳᠤ ᠠᠵᠤ ᠦᠢᠯᠡᠰ᠂ ᠢᠷᠡᠭᠡᠳᠦᠢ ᠶᠢᠨ ᠠᠵᠤ ᠦᠢᠯᠡᠰ ᠵᠡᠷᠭᠡ ᠤᠯᠠᠨ ᠬᠦᠷᠢᠶ᠎ᠠ ᠴᠠᠷᠠᠭᠠᠨ ᠳᠤ ᠰᠢᠨ᠎ᠡ ᠶᠢ ᠡᠭᠦᠳᠬᠦ ᠪᠠ ᠴᠢᠳᠠᠪᠤᠷᠢᠲᠠᠨ ᠤ ᠲᠤᠯᠭᠠᠭᠤᠷᠢᠯᠠᠯ  ᠳᠣᠯᠭᠠᠮ᠎ᠠ ᠱᠠᠭᠠᠷᠳᠠᠭᠳᠠᠵᠤ ᠪᠤᠢ᠃ ᠥᠪᠥᠷ ᠮᠣᠩᠭᠤᠯ ᠤᠨ ᠶᠡᠭᠡ ᠰᠤᠷᠭᠠᠭᠤᠯᠢ ᠪᠣᠯ ᠤᠯᠤᠰ ᠤᠨ ︽ᠬᠤᠤᠰ ᠲᠡᠷᠢᠭᠦᠨ ᠲᠠᠰ︾ ᠤᠨ ᠪᠥᠲᠥᠭᠡᠨ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠪᠦᠬᠡᠳ ᠰᠢᠨᠵᠢᠯᠡᠬᠦ ᠤᠬᠠᠭᠠᠨ ᠤ ᠰᠤᠳᠤᠯᠭᠠᠨ᠂ ᠮᠡᠷᠭᠡᠵᠢᠯ᠂ ᠴᠢᠳᠠᠪᠤᠷᠢᠲᠠᠨ ᠵᠡᠷᠭᠡ ᠲᠠᠯ᠎ᠠ ᠪᠠᠷ ᠲᠡᠷᠢᠭᠦᠨ ᠤ ᠳᠠᠪᠠᠭᠤᠯᠢᠭ ᠲᠠᠢ ᠪᠤᠯᠬᠤᠷ ᠠᠯᠠᠱᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠬᠦᠴᠦ ᠨᠡᠮᠡᠷᠢᠯᠡᠵᠦ᠂ ᠰᠤᠷᠭᠠᠨ ᠬᠥᠮᠦᠵᠢᠯ᠂ ᠰᠢᠨᠵᠢᠯᠡᠭᠡ ᠮᠡᠷᠭᠡᠵᠢᠯ᠂ ᠴᠢᠳᠠᠪᠤᠷᠢᠲᠠᠨ ᠵᠡᠷᠭᠡ ᠲᠠᠯ᠎ᠠ ᠪᠠᠷ ᠨᠠᠩ ᠣᠯᠠᠨ ᠡᠬᠢ ᠪᠠᠶᠠᠯᠢᠭ ᠬᠠᠩᠭᠠᠵᠤ᠂ ᠨᠠᠩ ᠣᠯᠠᠨ ᠴᠢᠳᠠᠪᠤᠷᠢᠲᠠᠨ ᠢ ᠬᠦᠮᠦᠵᠢᠬᠦᠯᠦᠨ᠂ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠨᠠᠩ ᠥᠷᠭᠡᠨ ᠬᠦᠷᠢᠶ᠎ᠠ ᠴᠠᠷᠠᠭᠠᠨ ᠳᠤ ᠬᠠᠮᠲᠤᠷᠠᠯᠴᠠᠨ ᠬᠥᠭᠵᠢᠵᠦ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠶ᠃    ᠴᠧᠩ ᠲᠤᠤ ᠠᠯᠠᠱᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠥᠪᠥᠷ ᠮᠣᠩᠭᠤᠯ ᠤᠨ ᠶᠡᠭᠡ ᠰᠤᠷᠭᠠᠭᠤᠯᠢ ᠶᠢ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠬᠦ ᠶᠢᠨ ᠬᠠᠮᠲᠦ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︽ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠬᠡᠷ︾ ᠢ ᠨᠠᠶᠢᠳᠠᠪᠤᠷᠢᠵᠢᠭᠤᠯᠤᠨ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠦᠷ᠎ᠡ ᠪᠦᠲᠦᠭᠡᠯ ᠢ ᠲᠠᠰᠤᠷᠠᠯᠲᠠ ᠦᠭᠡᠢ ᠥᠷᠭᠡᠳᠭᠡᠨ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠭᠡᠪᠡ᠃
2.jpg
    ᠠᠭᠤᠯᠵᠠᠯᠲᠠ ᠶᠢᠨ ᠳᠠᠷᠠᠭ᠎ᠠ᠂ ᠠᠶᠢᠮᠠᠭ ᠤᠨ ᠵᠠᠬᠢᠷᠭ᠎ᠠ ᠥᠪᠥᠷ ᠮᠣᠩᠭᠤᠯ ᠤᠨ ᠶᠡᠭᠡ ᠰᠤᠷᠭᠠᠭᠤᠯᠢ ᠲᠠᠢ ︽ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠲᠦᠬᠦᠪᠴᠢ ᠬᠡᠯᠡᠯᠴᠡᠬᠡᠷ︾ ᠲᠣᠭᠲᠠᠪᠠ᠃ ᠬᠡᠯᠡᠯᠴᠡᠬᠡᠷ ᠢ ᠦᠨᠳᠦᠰᠦᠯᠡᠪᠡᠯ᠂ ᠳᠠᠷᠠᠭᠠᠴᠢ ᠶᠢᠨ ᠠᠯᠬᠤᠮ ᠳᠤ ᠬᠤᠶᠠᠷ ᠲᠠᠯ᠎ᠠ ᠪᠠᠷ ᠢᠶᠠᠨ ᠡᠯᠡᠰᠦᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠰᠤᠳᠤᠯᠭᠠᠨ ᠢ ᠥᠷᠨᠢᠭᠦᠯᠬᠦ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠬᠠᠮᠵᠢᠯᠴᠠᠭᠤᠯᠤᠨ ᠰᠢᠨ᠎ᠡ ᠶᠢ ᠡᠭᠦᠳᠬᠦ ᠲᠣᠭᠲᠠᠴᠠ ᠶᠢ ᠪᠠᠶᠢᠭᠤᠯᠬᠤ᠂ ᠰᠤᠷᠤᠭᠴᠢᠳ ᠤᠨ ᠠᠵᠢᠯ ᠤᠯᠵᠦ ᠦᠢᠯᠡᠰ ᠪᠦᠲᠦᠬᠡᠬᠦ ᠬᠠᠮᠲᠤᠷᠠᠯᠴᠠᠭ᠎ᠠ ᠶᠢ ᠴᠢᠩᠭᠠᠳᠬᠠᠬᠤ᠂ ᠺᠠᠳ᠋ᠷ ᠴᠢᠳᠠᠪᠤᠷᠢᠲᠠᠨ ᠤ ᠰᠣᠯᠢᠯᠴᠠᠭ᠎ᠠ ᠶᠢ ᠥᠷᠨᠢᠭᠦᠯᠬᠦ᠂ ᠰᠤᠷᠭᠠᠨ ᠬᠥᠮᠦᠵᠢᠯ ᠤᠨ ᠬᠦᠷᠢᠶ᠎ᠠ ᠴᠠᠷᠠᠭᠠᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠰᠣᠯᠢᠯᠴᠠᠭ᠎ᠠ ᠬᠠᠮᠲᠤᠷᠠᠯᠴᠠᠭ᠎ᠠ ᠦᠷᠨᠢᠬᠦᠯᠬᠦ ᠪᠤᠯᠤᠨ᠎ᠠ᠃    ᠠᠶᠢᠮᠠᠭ ᠤᠨ ᠤᠳᠤᠷᠢᠳᠤᠯᠭ᠎ᠠ ᠸᠧᠢ ᡁᠢ ᠭᠦᠸᠧ᠂ ᠯᠢᠦ ᠳ᠋ᠧ ᠼᠦᠢ ᠠᠭᠤᠯᠵᠠᠯᠳᠠ ᠳᠤ ᠣᠷᠣᠯᠴᠠᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号