ᠰᠦᠨ ᠱᠤᠤ ᠴᠧᠩ ᠵᠠᠩ ᠶᠠᠨ ᠺᠦᠨ ᠲᠥᠪ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠨᠢᠭᠡᠳᠦᠭᠡᠷ ᠳᠡᠳ᠋ ᠵᠠᠬᠢᠷᠤᠯ ᠵᠶᠢ ᠯᠢᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/8/21
    8 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠥᠬᠡᠬᠤᠲᠠ ᠳᠤ ᠲᠥᠪ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠨᠢᠭᠡᠳᠦᠭᠡᠷ ᠳᠡᠳ᠋ ᠵᠠᠬᠢᠷᠤᠯ ᠵᠶᠢ ᠯᠢᠨ ᠲᠠᠢ ᠠᠭᠤᠯᠵᠠᠪᠠ᠃    ᠰᠦᠨ ᠱᠤᠤ ᠴᠧᠩ ᠵᠶᠢ ᠯᠢᠨ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠵᠦ᠂ ᠲᠥᠪ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠠᠴᠠ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠭᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ ᠪᠠᠶᠢᠭ᠎ᠠ ᠠᠷᠭ᠎ᠠ ᠬᠡᠮᠵᠢᠶ᠎ᠡ ᠪᠣᠯᠤᠨ ᠦᠷ᠎ᠡ ᠪᠦᠲᠦᠮᠵᠢ ᠶᠢ ᠲᠠᠨᠢᠯᠴᠠᠭᠤᠯᠪᠠ᠃ ᠲᠡᠷᠡ᠂ ᠥᠪᠥᠷ ᠮᠣᠩᠭᠤᠯ ᠤᠨ ᠰᠣᠶᠣᠯ ᠤᠨ ᠠᠭᠤᠯᠤᠭᠳᠠᠬᠤᠨ ᠭᠦᠨ ᠵᠤᠵᠠᠭᠠᠨ ᠶᠤᠮ᠂ ᠣᠳᠣᠬᠠᠨ ᠳᠤ ᠪᠢᠳᠡ ᠶᠠᠭ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠨᠠᠷᠢᠨ ᠬᠢᠨᠠᠮᠠᠭᠠᠢ ᠪᠠᠷ ᠡᠭᠦᠳᠴᠦ ᠪᠠᠶᠢᠨ᠎ᠠ᠂ ᠲᠥᠪ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠠᠴᠠ ᠨᠡᠩ ᠤᠯᠠᠨ ᠵᠢᠯᠤᠭᠤᠳᠤᠯᠭ᠎ᠠ ᠪᠠ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠨ᠎ᠠ᠃ ᠥᠪᠥᠷ ᠮᠣᠩᠭᠤᠯ ᠰᠣᠶᠣᠯ ᠢᠷᠭᠡᠨᠰᠢᠯ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠨ ᠳᠠᠬᠢ ᠰᠤᠳᠤᠯᠭᠠᠨ ᠪᠣᠯᠤᠨ ᠨᠢᠭᠡᠳᠦᠮᠡᠯ ᠹᠷᠣᠨᠲ ᠤᠨ ᠬᠥᠮᠦᠵᠢᠯ ᠪᠣᠯᠪᠠᠰᠤᠷᠠᠯ ᠤᠨ ᠲᠠᠯ᠎ᠠ ᠪᠠᠷ ᠰᠠᠭᠤᠷᠢ ᠲᠠᠢ ᠨᠥᠬᠦᠴᠡᠯ ᠲᠠᠢ ᠶᠤᠮ᠂ ᠬᠤᠶᠠᠷ ᠲᠠᠯ᠎ᠠ ᠪᠠᠷ ᠢᠶᠠᠨ ᠳᠡᠭᠡᠳᠦ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠬᠦᠷᠢᠶᠡᠨ ᠤ ᠤᠨᠤᠯ ᠤᠨ ᠰᠤᠳᠤᠯᠭᠠᠨ ᠢᠶᠠᠨ ᠬᠦᠴᠦ ᠪᠠᠨ ᠬᠠᠮᠲᠤᠳᠬᠠᠨ ᠴᠢᠩᠭᠠᠳᠬᠠᠵᠤ᠂ ᠬᠥᠮᠦᠵᠢᠯ ᠪᠣᠯᠪᠠᠰᠤᠷᠠᠯ ᠤᠨ ᠠᠵᠢᠯᠯᠠᠭ᠎ᠠ ᠶᠢ ᠬᠠᠮᠲᠤᠷᠠᠨ ᠥᠷᠨᠢᠭᠦᠯᠵᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠠᠷᠢᠯᠴᠠᠨ ᠠᠬᠢᠭᠤᠯᠵᠤ ᠬᠠᠮᠲᠤ ᠪᠠᠷ ᠠᠬᠢᠭᠤᠯᠬᠤ ᠶᠢ ᠨᠡᠩ ᠰᠠᠶᠢᠲᠤᠷ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃    ᠵᠶᠢ ᠯᠢᠨ ᠥᠪᠥᠷ ᠮᠣᠩᠭᠤᠯ ᠠᠴᠠ ᠲᠥᠪ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠭᠡᠵᠦ᠂ ᠥᠪᠥᠷ ᠮᠣᠩᠭᠤᠯ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ᠂ ᠨᠢᠭᠡᠳᠦᠮᠡᠯ ᠹᠷᠣᠨᠲ ᠤᠨ ᠬᠥᠮᠦᠵᠢᠯ ᠪᠣᠯᠪᠠᠰᠤᠷᠠᠯ ᠵᠡᠷᠭᠡ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠶᠢ ᠳᠡᠭᠡᠳᠦ ᠬᠡᠮᠵᠢᠶ᠎ᠡ ᠪᠠᠷ ᠦᠨᠡᠯᠡᠪᠡ᠃ ᠲᠡᠷᠡ᠂ ᠲᠥᠪ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠥᠪ ᠤᠨ ᠨᠡᠶᠢᠬᠡᠮ ᠵᠢᠷᠤᠮ ᠤᠨ ᠲᠡᠬᠡᠳᠤ ᠰᠤᠷᠭᠠᠭᠤᠯᠢ ᠪᠠ ᠣᠷᠣᠨ ᠨᠤᠲᠤᠭ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠬᠤᠭᠤᠷᠣᠨᠳᠣᠬᠢ ᠰᠣᠯᠢᠯᠴᠠᠭ᠎ᠠ ᠪᠠᠨ ᠴᠢᠩᠭᠠᠳᠬᠠᠵᠤ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠬᠠᠷᠢᠯᠴᠠᠨ ᠠᠰᠢᠭᠲᠠᠶ ᠬᠠᠮᠲᠤ ᠪᠠᠷ ᠡᠳ᠋ᠯᠡᠬᠦ ᠪᠠ ᠵᠢᠭᠠᠨ ᠰᠤᠷᠭᠠᠯᠲᠠ ᠶᠢᠨ ᠬᠢᠷᠢ ᠬᠡᠮᠵᠢᠶ᠎ᠡ ᠶᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠶᠢ ᠠᠬᠢᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠲᠤᠷ ᠬᠦᠴᠦᠨ ᠨᠡᠮᠡᠷᠢᠯᠡᠨ᠎ᠡ ᠭᠡᠵᠦ ᠬᠡᠯᠡᠪᠡ᠃    ᠬᠦᠦᠳᠠᠭᠤᠯᠠ᠂ ᠢᠦᠶ ᠯᠢ ᠰᠢᠨ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号