ᠰᠦᠨ ᠱᠤᠤ ᠴᠧᠩ ᠮᠣᠩᠭᠤᠯ ᠤᠯᠤᠰ ᠲᠤ ᠰᠠᠭᠤᠭ᠎ᠠ ᠣᠨᠴᠠ ᠲᠣᠮᠢᠯᠠᠭᠰᠠᠨ ᠪᠦᠷᠢᠨ ᠡᠷᠬᠡᠲᠦ ᠡᠯᠴᠢᠨ ᠰᠠᠶᠢᠳ ᠱᠧᠨ ᠮᠢᠨ ᠵᠢᠤᠸᠠᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/8/21
    8 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠮᠣᠩᠭᠤᠯ ᠤᠯᠤᠰ ᠲᠤ ᠰᠠᠭᠤᠭ᠎ᠠ ᠣᠨᠴᠠ ᠲᠣᠮᠢᠯᠠᠭᠰᠠᠨ ᠪᠦᠷᠢᠨ ᠡᠷᠬᠡᠲᠦ ᠡᠯᠴᠢᠨ ᠰᠠᠶᠢᠳ ᠱᠧᠨ ᠮᠢᠨ ᠵᠢᠤᠸᠠᠨ ᠲᠠᠢ ᠬᠥᠬᠡᠬᠤᠲᠠ ᠳᠤ ᠠᠭᠤᠯᠵᠠᠪᠠ᠃    ᠰᠦᠨ ᠱᠤᠤ ᠴᠧᠩ ᠱᠧᠨ ᠮᠢᠨ ᠵᠢᠤᠸᠠᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠵᠦ᠂ ᠮᠣᠩᠭᠤᠯ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠤ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠭᠡᠭᠰᠡᠨ ᠪᠥᠭᠡᠳ ᠥᠪᠥᠷ ᠮᠣᠩᠭᠤᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠬᠤᠯᠪᠣᠭᠳᠠᠯ ᠪᠦᠬᠦᠢ ᠪᠠᠶᠢᠳᠠᠯ ᠵᠢᠴᠢ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠭᠴᠢᠳ ᠤᠨ ᠪᠦᠯᠬᠦᠮ ᠤᠨ ᠨᠢᠳᠤᠨᠤᠨ ᠤ ᠮᠣᠩᠭᠤᠯ ᠤᠯᠤᠰ ᠲᠤ ᠠᠶᠢᠯᠴᠢᠯᠠᠯᠲᠠ ᠬᠢᠭᠰᠡᠨ ᠤ ᠳᠠᠷᠠᠭᠠᠬᠢ ᠵᠥᠪᠯᠡᠨ ᠲᠣᠭᠲᠠᠭᠠᠭᠰᠠᠨ ᠵᠦᠢᠯᠡᠰ ᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠠᠨᠢᠯᠴᠠᠭᠤᠯᠪᠠ᠃ ᠲᠡᠷᠡ᠂ ᠣᠳᠣᠬᠠᠨ ᠳᠤ ᠥᠪᠥᠷ ᠮᠣᠩᠭᠤᠯ ᠶᠠᠭ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠮᠣᠩᠭᠤᠯ ᠤᠯᠤᠰ ᠤᠨ ᠬᠤᠯᠪᠣᠭᠳᠠᠯ ᠪᠥᠬᠦᠶ ᠲᠠᠯ᠎ᠠ ᠪᠠ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠳᠤᠮᠳᠠᠳᠤ ᠮᠣᠩᠭᠤᠯ ᠤᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠬᠦ ᠳᠤ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠵᠤ ᠪᠠᠶᠢᠨ᠎ᠠ᠃ ᠮᠣᠩᠭᠤᠯ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠪᠢᠳᠡᠨ ᠢ ᠬᠠᠪᠰᠤᠷᠤᠨ ᠢᠯᠡᠭᠦᠬᠡᠨ ᠠᠵᠠ ᠲᠤᠬᠢᠶᠠᠯ ᠬᠠᠩᠭᠠᠵᠤ᠂ ᠢᠯᠡᠭᠦᠬᠡᠨ ᠬᠥᠭᠦᠷᠭᠡ ᠬᠤᠯᠪᠣᠭᠠᠰᠤ ᠪᠣᠯᠵᠣ᠂ ᠥᠪᠥᠷ ᠮᠣᠩᠭᠤᠯ ᠤᠨ ᠨᠠᠩ ᠰᠠᠶᠢᠳᠤᠷ ︽ᠭᠠᠷᠴᠤ ᠶᠠᠪᠤᠬᠤ︾᠂ ︽ᠣᠷᠣᠭᠤᠯᠤᠨ ᠠᠪᠴᠢᠷᠠᠬᠤ︾᠂ ᠨᠡᠭᠡᠭᠡᠯᠲᠡ ᠶᠢᠨ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠤᠯᠤᠰ ᠤᠨ ᠭᠠᠳᠠᠭᠠᠲᠤ ᠬᠠᠷᠢᠯᠴᠠᠭ᠎ᠠ ᠶᠢᠨ ᠶᠡᠭᠡ ᠲᠠᠯ᠎ᠠ ᠳᠤ ᠨᠡᠩ ᠰᠠᠶᠢᠳᠤᠷ ᠦᠢᠯᠡᠴᠢᠯᠡᠬᠦ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠢ᠃    ᠱᠧᠨ ᠮᠢᠨ ᠵᠢᠤᠸᠠᠨ ᠥᠪᠥᠷ ᠮᠣᠩᠭᠤᠯ ᠤᠨ ᠣᠷᠳᠣ ᠬᠤᠭᠤᠴᠠᠭᠠᠨ ᠤ ᠲᠤᠷᠰᠢ ᠮᠣᠩᠭᠤᠯ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠢ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ ᠨᠢᠳᠤᠨᠤᠨ ᠰᠦᠨ ᠱᠤᠤ ᠴᠧᠩ ᠱᠦᠵᠢ ᠮᠣᠩᠭᠤᠯ ᠤᠯᠤᠰ ᠲᠤ ᠠᠶᠢᠯᠴᠢᠯᠠᠵᠤ᠂ ᠠᠯᠢ ᠤᠯᠠᠨ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠤᠭᠰᠠᠨ ᠪᠥᠭᠡᠳ ᠬᠤᠷᠳᠤᠴᠠ ᠪᠠᠨ ᠲᠦᠷᠭᠡᠳᠭᠡᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠦᠨ ᠤᠷᠤᠬᠰᠢ ᠠᠬᠢᠭᠤᠯᠵᠤ᠂ ᠳᠤᠮᠳᠠᠳᠤ ᠮᠣᠩᠭᠤᠯ ᠤᠨ ᠬᠠᠮᠲᠤᠷᠠᠯᠴᠠᠭ᠎ᠠ ᠶᠢ ᠤᠯᠠᠮ ᠭᠦᠨᠵᠡᠭᠡᠶᠢᠷᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ ᠭᠡᠵᠡᠢ᠃ ᠲᠡᠷᠡ᠂ ᠡᠯᠴᠢᠨ ᠰᠠᠶᠢᠳ ᠤᠨ ᠶᠠᠮᠤᠨ ᠥᠩᠭᠡᠷᠡᠭᠰᠡᠨ ᠲᠠᠢ ᠪᠠᠨ ᠠᠳᠠᠯᠢ ᠪᠠᠷ ᠥᠪᠥᠷ ᠮᠣᠩᠭᠤᠯ ᠤᠨ ᠠᠵᠢᠯ ᠢ ᠳᠡᠮᠵᠢᠵᠦ᠂ ᠵᠣᠬᠢᠴᠠᠭᠤᠯᠵᠤ ᠬᠠᠷᠢᠯᠴᠠᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ ᠂ ᠬᠤᠶᠠᠷ ᠲᠠᠯ᠎ᠠ ᠶᠢᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠣᠷᠳᠣ ᠬᠤᠭᠤᠴᠠᠭ᠎ᠠ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ ᠭᠡᠵᠦ ᠢᠯᠡᠳᠭᠡᠪᠡ᠃    ᠢᠦᠢ ᠯᠢ ᠰᠢᠨ᠂ ᠶᠠᠩ ᠶᠢᠨ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号