ᠮᠠᠨ ᠤ ᠠᠶᠢᠮᠠᠭ ᠡᠯ᠎ᠠ ᠲᠦᠷᠦᠯ ᠤᠨ ᠲᠤᠰᠬᠠᠢ ᠪᠡᠯᠡ ᠮᠦᠡᠭᠬᠦ ᠶᠢ ᠴᠠᠭ ᠲᠤᠬᠠᠢ ᠳᠤᠨᠢ ᠲᠠᠷᠬᠠᠭᠠᠵᠦ ᠪᠤᠢ
ᠨᠡᠶᠢᠲᠡᠯᠡᠭᠰᠡᠨ ᠴᠠᠭ᠄
2024/8/22
   ᠡᠨᠡ ᠵᠢᠯ ᠠᠴᠠ ᠨᠠᠭᠠᠰᠢ᠂ ᠮᠠᠨ ᠤ ᠠᠶᠢᠮᠠᠭ ᠲᠡᠬᠡᠲᠦ ᠱᠠᠳᠤᠨ ᠠᠴᠠ ᠡᠯ᠎ᠠ ᠲᠦᠷᠦᠯ ᠤᠨ ᠪᠡᠯᠡ ᠮᠦᠡᠭᠬᠦ ᠶᠢ ᠢᠳᠡᠪᠬᠢᠳᠡᠢ ᠭᠤᠶᠤᠴᠢᠯᠠᠵᠦ᠂ ᠭᠤᠶᠤᠴᠢᠯᠠᠵᠦ ᠤᠯᠤᠭᠰᠠᠨ ᠡᠯ᠎ᠠ ᠲᠦᠷᠦᠯ ᠤᠨ ᠪᠡᠯᠡ ᠮᠦᠡᠭᠬᠦ ᠶᠢ ᠴᠠᠭ ᠲᠤᠬᠠᠢ ᠳᠤᠨᠢ ᠲᠠᠷᠬᠠᠭᠠᠨ᠂ ᠪᠦᠬᠦ ᠠᠶᠢᠮᠠᠭ ᠤᠨ ᠠᠵᠦ ᠠᠬᠤᠢ ᠨᠠᠶᠢᠬᠡᠮ ᠤᠨ ᠴᠢᠨᠡᠷ ᠰᠠᠶᠢᠳᠡᠢ ᠬᠦᠭᠵᠢᠯᠳᠠ ᠶᠢ ᠬᠦᠴᠦᠯᠠᠨ ᠠᠬᠢᠭᠤᠯᠤᠭᠰᠠᠭᠠᠷ ᠢᠷᠡᠭᠰᠡᠨ ᠪᠠᠶᠢᠨ᠎ᠠ᠃   ᠤᠶᠢᠷ᠎ᠠ ᠶᠢᠨ ᠡᠳᠦᠷ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠠᠮᠢᠳᠤᠷᠠᠯ ᠬᠦᠴᠢᠷᠳᠡᠯᠳᠡᠢ ᠣᠯᠠᠨ ᠲᠦᠮᠡᠨ ᠳᠤ 576 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠨᠥᠬᠦᠪᠥᠷᠢ ᠮᠥᠩᠭᠦ ᠶᠢ ᠪᠠᠭᠤᠯᠭᠠᠵᠤ᠂ ᠬᠤᠲᠠ ᠬᠥᠳᠡᠭᠡ ᠶᠢᠨ ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠬᠤ᠂ ᠲᠦᠷ ᠴᠠᠭ ᠤᠨ ᠠᠪᠤᠷᠠᠨ ᠲᠤᠰᠠᠯᠠᠬᠤ᠂ ᠲᠡᠨᠦᠭᠦᠴᠢᠯᠡᠵᠦ ᠪᠠᠶᠢᠭ᠎ᠠ ᠬᠥᠮᠦᠰ ᠢ ᠠᠪᠤᠷᠠᠨ ᠲᠤᠰᠠᠯᠠᠬᠤ᠂ ᠥᠨᠥᠴᠢᠨ ᠦᠷᠦᠬᠡᠰᠤᠨ ᠬᠡᠤᠬᠡᠳ ᠪᠤᠶᠤ ᠭᠤᠤᠨᠢ ᠨᠠᠰᠤᠳᠡᠶᠢᠴᠤᠳ ᠢ ᠠᠪᠤᠷᠠᠨ ᠲᠤᠰᠠᠯᠠᠬᠤ ᠳᠤ ᠬᠡᠷᠡᠭᠯᠡᠭᠰᠡᠨ ᠪᠠᠶᠢᠨ᠎ᠠ᠃ ᠣᠲᠣ ᠪᠣᠯᠲᠠᠯ᠎ᠠ᠂ ᠮᠠᠨ ᠤ ᠠᠶᠢᠮᠠᠭ ᠠᠮᠢᠳᠤᠷᠠᠯ ᠬᠦᠴᠢᠷᠳᠡᠯᠲᠡᠶ ᠣᠯᠠᠨ ᠲᠦᠮᠡᠨ ᠳᠤ ᠨᠡᠶᠢᠲᠡ 2676 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠨᠥᠬᠦᠪᠥᠷᠢ ᠮᠥᠩᠭᠦ ᠪᠠᠭᠤᠯᠭᠠᠪᠠ᠃ ᠡᠭᠦᠨ ᠳᠤ ᠲᠥᠪ ᠤᠨ ᠨᠥᠬᠦᠪᠥᠷᠢ ᠪᠠᠯᠠ ᠮᠥᠩᠭᠦ 1863 ᠲᠦᠮᠡᠨ ᠲᠥᠭᠦᠷᠢᠭ ᠂ ᠥᠪᠡᠷᠲᠡᠭᠡᠨ ᠵᠠᠰᠠᠬᠤ ᠣᠷᠣᠨ ᠤ ᠨᠥᠬᠦᠪᠥᠷᠢ ᠪᠠᠯᠠ ᠮᠥᠩᠭᠦ 481 ᠲᠦᠮᠡᠨ ᠲᠥᠭᠦᠷᠢᠭ᠂ ᠠᠶᠢᠮᠠᠭ ᠤᠨ ᠱᠠᠲᠤᠨ ᠤ ᠨᠥᠬᠦᠪᠥᠷᠢ ᠪᠠᠯᠠ ᠮᠥᠩᠭᠦ 332 ᠲᠦᠮᠡᠨ ᠲᠥᠭᠦᠷᠢᠭ ᠪᠠᠭᠳᠠᠵᠦ ᠪᠤᠢ᠃   ᠡᠬᠦᠨ ᠠᠴᠠ ᠭᠠᠳᠠᠨ᠎ᠠ᠂ ᠤᠶᠢᠷ᠎ᠠ ᠶᠢᠨ ᠡᠳᠦᠷ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠡᠵᠡᠨ᠎ᠡ ᠬᠤᠰᠢᠭᠤᠨ ᠳᠤ 489 ᠲᠦᠮᠡᠨ ᠲᠥᠭᠦᠷᠢᠭ ᠤᠨ ᠪᠡᠯᠡ ᠮᠦᠡᠭᠬᠦ ᠶᠢ ᠪᠠᠭᠤᠯᠭᠠᠪᠠ᠃ ᠲᠣᠰ ᠤᠳᠠᠭᠠᠨ ᠤ ᠪᠡᠯᠡ ᠮᠦᠡᠭᠬᠦ ᠶᠢ ᠭᠤᠤᠯᠳᠠᠭᠤ ᠭᠠᠮᠰᠢᠭᠳᠠᠭᠰᠠᠨ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠰᠤ ᠤᠮᠳᠠ᠂ ᠪᠠᠴᠢᠮ ᠪᠠᠶᠢᠳᠠᠯ ᠢ ᠠᠷᠭᠠᠴᠠᠭᠠᠬᠤ ᠤᠰᠤ ᠬᠠᠳᠠᠭᠠᠯᠠᠬᠤ᠂ ᠤᠰᠤ ᠴᠡᠪᠡᠷᠰᠢᠭᠦᠯᠬᠦ᠂ ᠤᠰᠤ ᠬᠠᠩᠭᠠᠬᠤ ᠲᠥᠬᠦᠭᠡᠷᠦᠮᠵᠢ ᠶᠢ ᠬᠤᠳᠠᠯᠳᠤᠨ ᠠᠪᠬᠤ᠂ ᠲᠦᠷᠢᠶᠡᠰᠦᠯᠡᠬᠦ ᠵᠡᠷᠬᠡ ᠠᠵᠢᠯ ᠳᠤ ᠬᠡᠷᠡᠭᠯᠡᠬᠦ ᠪᠠᠷ ᠪᠤᠯᠤᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号