ᠬᠤᠸᠠᠩ ᠶᠠ ᠯᠢ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠵᠢᠴᠢ ᠪᠠᠷᠠᠭᠤᠨ ᠣᠷᠣᠨ ᠤ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ︵ᠬᠤᠶᠠᠳᠤᠭᠠᠷ ᠬᠤᠭᠤᠴᠠᠭ᠎ᠠ︶ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠡ
ᠨᠡᠶᠢᠲᠡᠯᠡᠭᠰᠡᠨ ᠴᠠᠭ᠄
2024/8/22
    8 ᠰᠠᠷ᠎ᠠ ᠶᠢᠨ 21 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠯᠠᠱᠠ ᠵᠡᠭᠦᠨ ᠬᠤᠰᠢᠭᠤᠨ ᠳᠤ ᠭᠦᠨᠵᠡᠭᠡᠶᠢᠷᠡᠵᠦ᠂ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠵᠢᠴᠢ ᠪᠠᠷᠠᠭᠤᠨ ᠣᠷᠣᠨ ᠤ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ︵ᠬᠤᠶᠠᠳᠤᠭᠠᠷ ᠬᠤᠭᠤᠴᠠᠭ᠎ᠠ︶ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠡ᠃
1.jpg
    ᠬᠤᠸᠠᠩ ᠶᠠ ᠯᠢ ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ᠨᠢᠭᠡ ᠴᠣᠭᠴᠠᠵᠢᠭᠤᠯᠬᠤ ᠢᠨᠵᠧᠨᠧᠷᠢᠩ ᠤᠨ ᠣᠨᠳᠣᠣ ᠭᠠᠵᠠᠷ ᠲᠤ ᠡᠯᠡᠰᠦ ᠶᠢ ᠵᠠᠰᠠᠬᠤ ᠲᠦᠷᠦᠯ ᠵᠦᠢᠯ ᠤᠨ ᠴᠡᠭ ᠪᠣᠯᠣᠨ ᠪᠠᠷᠠᠭᠤᠨ ᠣᠷᠣᠨ ᠤ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ︵ᠬᠤᠶᠠᠳᠤᠭᠠᠷ ᠬᠤᠭᠤᠴᠠᠭ᠎ᠠ︶ ᠢᠨᠵᠧᠨᠧᠷᠢᠩ ᠤᠨ ᠡᠯᠡᠰᠦ ᠶᠢ ᠵᠠᠰᠠᠬᠤ ᠲᠦᠷᠦᠯ ᠵᠦᠢᠯ ᠤᠨ ᠭᠠᠵᠠᠷ ᠲᠤ ᠬᠦᠷᠴᠦ᠂ ᠴᠢᠬᠢ ᠮᠣᠳᠣᠨ ᠤ ᠤᠷᠭᠤᠯᠲᠠ ᠶᠢᠨ ᠪᠠᠶᠢᠳᠠᠯ ᠪᠣᠯᠣᠨ ᠬᠠᠮᠢᠶᠠᠷᠤᠯᠲᠠ ᠶᠢᠨ ᠵᠠᠭᠪᠤᠷ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠯᠡᠰᠦᠨ ᠤ ᠤᠷᠭᠤᠮᠠᠯ ᠤᠨ ᠤᠷᠭᠤᠯᠲᠠ ᠶᠢᠨ ᠣᠨᠴᠠᠯᠢᠭ᠂ ᠡᠯᠡᠰᠦ ᠶᠢ ᠲᠣᠭᠲᠠᠪᠤᠷᠢᠵᠢᠭᠤᠯᠬᠤ ᠦᠷ᠎ᠡ ᠪᠦᠲᠦᠮᠵᠢ ᠪᠣᠯᠣᠨ ᠠᠵᠤ ᠠᠬᠤᠢ ᠶᠢᠨ ᠦᠨ᠎ᠡ ᠦᠷᠳᠡᠭ ᠵᠡᠷᠭᠡ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠪᠠ᠃ ᠲᠡᠷᠡ᠂ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠪᠣᠯ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠵᠠᠩᠭᠢᠯᠠᠭ᠎ᠠ ᠶᠢᠨ ᠠᠷᠭ᠎ᠠ ᠪᠣᠯᠣᠨ᠎ᠠ᠃ ᠢᠨᠵᠧᠨᠧᠷᠢᠩ ᠤᠨ ᠠᠬᠢᠴᠠ ᠶᠢ ᠠᠮᠵᠢᠨ ᠠᠳᠬᠤᠵᠤ᠂ ᠰᠢᠨᠵᠢᠯᠡᠭᠡ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠡᠯᠡᠰᠦ ᠶᠢ ᠵᠠᠰᠠᠬᠤ ᠦᠷ᠎ᠡ ᠪᠦᠲᠦᠮᠵᠢ ᠶᠢ ᠴᠢᠷᠮᠠᠶᠢᠨ ᠳᠡᠭᠡᠭᠰᠢᠯᠡᠭᠦᠯᠵᠦ᠂ ᠲᠣᠭᠲᠠᠭᠰᠠᠨ ᠬᠤᠭᠤᠴᠠᠭᠠᠨ ᠳᠠᠭᠠᠨ ᠠᠵᠢᠯ ᠢᠶᠠᠨ ᠳᠠᠭᠤᠰᠬᠠᠬᠤ ᠶᠢ ᠪᠠᠲᠤᠯᠠᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠨᠤᠲᠠᠯᠠᠬᠤ ᠪᠠ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠴᠢᠩᠭᠠᠳᠬᠠᠵᠤ᠂ ᠡᠯᠡᠰᠦ ᠶᠢ ᠵᠠᠰᠠᠬᠤ ᠤᠷᠭᠤᠮᠠᠯ ᠢ ᠰᠢᠨᠵᠢᠯᠡᠬᠦ ᠤᠬᠠᠭᠠᠨᠴᠢ ᠪᠠᠷ ᠰᠣᠩᠭᠤᠨ ᠬᠡᠷᠡᠭᠯᠡᠵᠦ᠂ ᠭᠠᠵᠠᠷ ᠣᠷᠣᠨ ᠤ ᠠᠭᠤᠷ ᠠᠮᠢᠰᠬᠤᠯ ᠤᠨ ᠣᠨᠴᠠᠯᠢᠭ ᠲᠤ ᠵᠣᠬᠢᠴᠠᠬᠤ ᠮᠥᠷᠲᠡᠭᠡᠨ ᠪᠠᠰᠠ ᠠᠵᠤ ᠠᠬᠤᠢ ᠶᠢᠨ ᠦᠨ᠎ᠡ ᠦᠷᠳᠡᠭ ᠲᠠᠢ ᠵᠠᠭ᠂ ᠬᠠᠷᠮᠠᠭ ᠵᠡᠷᠭᠡ ᠡᠯᠡᠰᠦ ᠶᠢ ᠲᠣᠭᠲᠠᠪᠤᠷᠢᠵᠢᠭᠤᠯᠬᠤ ᠤᠷᠭᠤᠮᠠᠯ ᠢ ᠢᠯᠡᠭᠦᠬᠡᠨ ᠲᠠᠷᠢᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠤᠢ ᠰᠢᠭᠤᠢ ᠡᠪᠡᠰᠦᠨ ᠤ ᠠᠵᠤ ᠦᠢᠯᠡᠰ ᠪᠠ ᠣᠨᠴᠠᠯᠢᠭᠲᠤ ᠡᠯᠡᠰᠦᠨ ᠤ ᠠᠵᠤ ᠦᠢᠯᠡᠰ ᠢ ᠬᠥᠭᠵᠢᠭᠦᠯᠵᠦ᠂ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠠᠵᠤ ᠦᠢᠯᠡᠰ ᠤᠨ ᠬᠥᠭᠵᠢᠯᠲᠡ ᠶᠢᠨ ᠬᠤᠣᠰ ᠠᠮᠵᠢᠯᠲᠠ ᠶᠢ ᠪᠡᠶᠡᠯᠡᠭᠦᠯᠬᠦ ᠬᠡᠷᠡᠭᠲᠡᠢ᠃ ᠪᠡᠯᠡ ᠮᠥᠩᠭᠦ ᠶᠢ ᠭᠦᠢᠴᠡᠳ ᠰᠠᠶᠢᠲᠤᠷ ᠬᠡᠷᠡᠭᠯᠡᠵᠦ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ᠂ ᠲᠤᠬᠠᠢ ᠶᠢᠨ ᠭᠠᠵᠠᠷ ᠠᠴᠠ ᠮᠠᠲ᠋ᠧᠷᠢᠶᠠᠯ ᠠᠪᠬᠤ ᠶᠢ ᠶᠡᠬᠡᠪᠡᠷ ᠬᠡᠷᠡᠭᠵᠢᠭᠦᠯᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ ᠪᠠᠶᠢᠭᠠᠳ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠥᠪᠡᠷ ᠤᠨ ᠦᠷᠳᠡᠭ ᠢ ᠪᠠᠭᠤᠷᠠᠭᠤᠯᠬᠤ ᠬᠡᠷᠡᠭᠲᠡᠢ ᠭᠡᠵᠡᠢ᠃
2.jpg
    ᠥᠪᠥᠷ ᠮᠣᠩᠭᠤᠯ ᠤᠨ ᠬᠤᠸᠠ ᠳ᠋ᠢᠶᠠᠨ ᠪᠥᠯᠥᠭᠯᠡᠯ ᠤᠨ ᠲᠡᠭᠷᠢ ᠴᠡᠪᠡᠷ ᠡᠨᠧᠷᠭᠢ ᠶᠢᠨ ᠬᠢᠵᠠᠭᠠᠷᠲᠤ ᠺᠣᠮᠫᠠᠨᠢ ᠳᠤ᠂ ᠬᠤᠸᠠᠩ ᠶᠠ ᠯᠢ ᠬᠤᠸᠠ ᠳ᠋ᠢᠶᠠᠨ ᠪᠥᠯᠥᠭᠯᠡᠯ ᠤᠨ ᠲᠡᠭᠷᠢ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠲᠥᠷᠥᠯ ᠵᠦᠢᠯ ᠢ ᠪᠦᠲᠦᠭᠡᠨ ᠪᠠᠶᠢᠭᠤᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠵᠤ᠂ ᠰᠢᠨ᠎ᠡ ᠡᠨᠧᠷᠭᠢ ᠶᠢᠨ ᠲᠦᠷᠦᠯ ᠵᠦᠢᠯ ᠢ ᠨᠡᠭᠡᠭᠡᠨ ᠬᠥᠭᠵᠢᠭᠦᠯᠬᠦ ᠪᠠ ᠴᠥᠯᠯᠡᠷᠭᠡᠭᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠲᠦᠷᠦᠯ ᠵᠦᠢᠯ ᠤᠨ ᠠᠬᠢᠴᠠ ᠶᠢ ᠲᠦᠷᠭᠡᠳᠬᠡᠬᠦ ᠶᠢᠨ ᠵᠡᠷᠭᠡᠪᠡᠷ ︽ᠬᠠᠪᠲᠠᠰᠤᠨ ᠳᠡᠭᠡᠷ᠎ᠡ ᠴᠠᠬᠢᠯᠭᠠᠨ ᠭᠠᠷᠭᠠᠬᠤ᠂ ᠳᠣᠣᠷ᠎ᠠ ᠨᠢ ᠲᠠᠷᠢᠵᠦ ᠤᠷᠭᠤᠭᠤᠯᠬᠤ᠂ ᠬᠠᠪᠲᠠᠰᠤᠨ ᠤ ᠬᠤᠭᠤᠷᠣᠨᠳᠤ ᠲᠡᠵᠢᠭᠡᠨ ᠦᠷᠡᠵᠢᠭᠦᠯᠬᠦ︾ ᠪᠣᠰᠤᠭ᠎ᠠ ᠴᠣᠭᠴᠠᠲᠤ ᠬᠥᠭᠵᠢᠯᠲᠡ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠣᠯᠣᠨ ᠨᠡᠶᠢᠭᠡᠮ ᠤᠨ ᠦᠷ᠎ᠡ ᠠᠰᠢᠭ ᠢ ᠬᠠᠷᠢᠯᠴᠠᠨ ᠨᠥᠬᠦᠪᠦᠷᠢᠯᠡᠵᠦ᠂ ᠤᠯᠠᠨ ᠲᠠᠯ᠎ᠠ ᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
3.jpg
     ᠬᠤᠸᠠᠩ ᠶᠠ ᠯᠢ ᠪᠠᠰᠠ ᠠᠯᠠᠱᠠ ᠠᠶᠢᠮᠠᠭ ᠤᠨ ᠨᠣᠭᠤᠭᠠᠷᠠᠭᠤᠯᠤᠯᠲᠠ ᠶᠢᠨ ᠵᠥᠪᠯᠡᠯ ᠤᠨ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ ᠪᠣᠯᠣᠨ ᠠᠯᠠᠱᠠ ᠶᠢᠨ ᠪᠠᠶᠢᠴᠠᠭᠠᠬᠤ ᠠᠵᠢᠯ ᠤᠨ ᠨᠡᠶᠢᠲᠡ ᠶᠢᠨ ᠠᠰᠠᠷᠠᠮᠵᠢ ᠶᠢᠨ ᠤᠢ ᠶᠢᠨ ᠠᠮᠢ ᠠᠬᠤᠢ ᠶᠢᠨ ᠰᠠᠭᠤᠷᠢᠨ ᠭᠠᠵᠠᠷ ᠲᠤ ᠬᠦᠷᠴᠦ᠂ ᠠᠯᠪᠠᠨ ᠵᠢᠷᠤᠮ ᠤᠨ ᠮᠣᠳᠣ ᠲᠠᠷᠢᠭᠰᠠᠨ ᠦᠷ᠎ᠡ ᠪᠦᠲᠦᠮᠵᠢ ᠶᠢ ᠪᠠᠶᠢᠴᠠᠭᠠᠨ ᠦᠵᠡᠵᠦ᠂ ᠠᠯᠪᠠᠨ ᠵᠢᠷᠤᠮ ᠤᠨ ᠮᠣᠳᠣ ᠲᠠᠷᠢᠬᠤ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠵᠦ᠂ ᠨᠥᠬᠦᠵᠦ ᠲᠠᠷᠢᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠴᠤ ᠬᠠᠮᠠᠭᠠᠯᠠᠬᠤ ᠵᠡᠷᠭᠡ ᠵᠠᠯᠭᠠᠮᠵᠢ ᠠᠵᠢᠯ ᠢ ᠰᠠᠶᠢᠲᠤᠷ ᠬᠢᠵᠦ᠂ ᠠᠯᠪᠠᠨ ᠵᠢᠷᠤᠮ ᠤᠨ ᠤᠢ ᠶᠢ ᠦᠨᠡᠨᠬᠦ ᠵᠢᠱᠢᠶ᠎ᠡ ᠦᠵᠡᠭᠦᠯᠬᠦ ᠤᠢ᠂ ᠰᠤᠷᠭᠠᠨ ᠬᠥᠮᠦᠵᠢᠯ ᠤᠨ ᠤᠢ ᠪᠣᠯᠭᠠᠨ ᠪᠠᠶᠢᠭᠤᠯᠬᠤ ᠬᠡᠷᠡᠭᠲᠡᠢ᠃ ᠮᠠᠨ ᠤ ᠠᠶᠢᠮᠠᠭ ᠤᠨ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠭᠰᠠᠨ ᠠᠷᠭ᠎ᠠ ᠲᠤᠷᠰᠢᠯᠭ᠎ᠠ ᠶᠢ ᠢᠳᠡᠪᠬᠢᠲᠡᠢ ᠪᠠᠷ ᠳ᠋ᠦᠩᠨᠡᠨ ᠳᠡᠯᠭᠡᠷᠡᠭᠦᠯᠵᠦ᠂ ᠥᠷᠭᠡᠨ ᠣᠯᠠᠨ ᠺᠠᠳ᠋ᠷ ᠣᠯᠠᠨ ᠲᠦᠮᠡᠨ ᠤ ︽ᠡᠵᠡᠨ ᠬᠥᠮᠥᠨ︾ ᠤ ᠤᠬᠠᠮᠰᠠᠷ ᠪᠠ ᠨᠤᠲᠤᠭ ᠤᠰᠤ ᠪᠠᠨ ᠪᠦᠲᠦᠭᠡᠨ ᠪᠠᠶᠢᠭᠤᠯᠬᠤ ᠬᠠᠷᠢᠭᠤᠴᠠᠯᠭᠠᠲᠤ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠨ ᠪᠠᠳᠠᠷᠠᠭᠤᠯᠵᠤ᠂ ᠨᠠᠩ ᠣᠯᠠᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ ᠠᠯᠠᠱᠠ ᠶᠢᠨ ᠠᠮᠢ ᠠᠬᠤᠢ ᠶᠢᠨ ᠬᠠᠮᠠᠭᠠᠯᠠᠯᠲᠠ ᠪᠠ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠣᠷᠣᠯᠴᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠧᠢ ᡁᠢ ᠬᠦᠸᠧ ᠣᠷᠣᠯᠴᠠᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号