ᠠᠷᠠᠳ ᠤᠨ ᠳᠡᠭᠡᠳᠦ ᠰᠢᠭᠦᠬᠦ ᠬᠤᠷᠢᠶ᠎ᠠ ᠪᠠ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠬᠠᠤᠯᠢ ᠪᠠᠷᠢᠬᠤ ᠲᠠᠶᠢᠯᠪᠤᠷᠢᠯᠠᠯᠲᠠ ᠳᠤ ︽ᠬᠡᠶᠢᠰᠪᠦᠷᠢ ᠡᠳ᠋ ᠬᠥᠷᠥᠩᠭᠡ︾ ᠶᠢᠨ ᠠᠷᠠᠯᠵᠢᠶ᠎ᠠ ᠶᠢ ᠵᠣᠭᠤᠰ ᠤᠬᠢᠶᠠᠬᠤ ᠬᠡᠯᠪᠡᠷᠢ ᠳᠤ ᠤᠷᠤᠭᠤᠯᠬᠤ ᠪᠠᠷ ᠲᠣᠳᠣᠷᠬᠠᠶ ᠲᠤᠭᠳᠠᠭᠠᠪᠠ
ᠨᠡᠶᠢᠲᠡᠯᠡᠭᠰᠡᠨ ᠴᠠᠭ᠄
2024/8/22
    ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ 19 ᠤ ᠡᠳᠦᠷ ᠵᠣᠭᠤᠰ ᠤᠬᠢᠶᠠᠭᠰᠠᠨ ᠡᠷᠡᠭᠦᠦ ᠶᠢᠨ ᠬᠡᠷᠡᠭ ᠢ ᠰᠢᠢᠳᠪᠦᠷᠢᠯᠡᠬᠦ ᠬᠠᠤᠯᠢ ᠴᠠᠭᠠᠵᠠ ᠶᠢᠨ ᠭᠡᠷᠡᠭᠵᠢᠬᠦᠯᠬᠦ ᠠᠰᠠᠭᠤᠳᠠᠯ ᠤᠳ ᠤᠨ ᠲᠤᠬᠠᠶ ᠲᠠᠶᠢᠯᠪᠤᠷᠢᠯᠠᠯᠲᠠ ᠶᠢ ᠬᠠᠮᠲᠤᠷᠠᠨ ᠨᠡᠶᠢᠲᠡᠯᠡᠵᠤ᠂ ᠡᠭᠦᠨ ᠳᠤ ︽ᠬᠡᠶᠢᠰᠪᠦᠷᠢ ᠡᠳ᠋ ᠬᠥᠷᠥᠩᠭᠡ︾ ᠶᠢᠨ ᠠᠷᠠᠯᠵᠢᠶ᠎ᠠ ᠶᠢ ᠵᠣᠭᠤᠰ ᠤᠬᠢᠶᠠᠬᠤ ᠬᠡᠯᠪᠡᠷᠢ ᠶᠢᠨ ᠨᠢᠭᠡ ᠪᠣᠯᠭᠠᠬᠤ ᠪᠠᠷ ᠲᠣᠳᠣᠷᠬᠠᠶ ᠲᠣᠭᠲᠠᠭᠠᠪᠠ᠃    ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠲᠠᠨᠢᠯᠴᠠᠭᠤᠯᠤᠭᠰᠠᠨ ᠢᠶᠠᠷ᠂ ᠰᠦᠯᠵᠢᠶᠡᠨ ᠤ ᠮᠡᠷᠭᠡᠵᠢᠯ ᠤᠨ ᠥᠷᠭᠡᠨ ᠢᠶᠠᠷ ᠬᠡᠷᠡᠭᠯᠡᠭᠳᠡᠬᠦ ᠶᠢ ᠳᠠᠭᠠᠯᠳᠤᠨ᠂ ᠵᠣᠭᠤᠰ ᠤᠬᠢᠶᠠᠬᠤ ᠠᠷᠭ᠎ᠠ ᠪᠠᠷᠢᠯ ᠲᠠᠰᠤᠷᠠᠯᠲᠠ ᠥᠬᠡᠶ ᠰᠢᠨᠡᠳᠦᠨ ᠲᠠᠰ ᠳᠡᠪᠰᠢᠵᠦ᠂ ᠬᠡᠶᠢᠰᠪᠦᠷᠢ ᠵᠣᠭᠤᠰ᠂ ᠲᠣᠭᠯᠠᠭᠠᠮ ᠤᠨ ᠵᠣᠭᠤᠰ᠂ ︽ᠬᠤᠪᠢ ᠣᠯᠭᠤᠬᠤ ᠲᠠᠪᠴᠠᠩ︾᠂ ᠰᠢᠭᠤᠳ ᠨᠡᠪᠲᠡᠷᠡᠭᠦᠯᠭᠡ ᠪᠠᠷ ᠱᠠᠩᠨᠠᠨ ᠬᠥᠬᠢᠭᠦᠯᠬᠦ ᠵᠡᠷᠭᠡ ᠨᠢ ᠰᠢᠨ᠎ᠡ ᠬᠡᠯᠪᠡᠷᠢ ᠶᠢᠨ ᠵᠣᠭᠤᠰ ᠤᠬᠢᠶᠠᠬᠤ ᠠᠴᠢᠶᠠᠯᠠᠪᠤᠷᠢ ᠪᠠ ᠠᠷᠭ᠎ᠠ ᠮᠠᠶ᠋ᠢᠭ ᠪᠣᠯᠵᠣ᠂ ᠵᠣᠭᠤᠰ ᠤᠬᠢᠶᠠᠬᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠠᠯ᠎ᠠ ᠪᠠᠷ ᠨᠠᠩ ᠥᠨᠳᠥᠷ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ ᠬᠡᠵᠡᠢ᠃    ᠡᠭᠦᠨ ᠤ ᠲᠤᠬᠠᠶ᠂ ᠬᠠᠤᠯᠢ ᠪᠠᠷᠢᠬᠤ ᠲᠠᠶᠢᠯᠪᠤᠷᠢᠯᠠᠯᠲᠠ ᠳᠤ ᠡᠷᠡᠭᠦᠦ ᠶᠢᠨ ᠬᠠᠤᠯᠢ ᠳᠠᠬᠢ ︽ᠶᠠᠯ᠎ᠠ ᠬᠢᠵᠦ ᠣᠯᠤᠭᠰᠠᠨ ᠠᠰᠢᠬ ᠵᠢᠴᠢ ᠲᠡᠭᠦᠨ ᠠᠴᠠ ᠣᠯᠤᠭᠰᠠᠨ ᠤᠯᠵᠠᠪᠤᠷᠢ ᠶᠢᠨ ᠢᠷᠡᠯᠲᠡ ᠪᠠ ᠰᠢᠨᠵᠢ ᠴᠢᠨᠠᠷ ᠢ ᠪᠤᠰᠤᠳ ᠠᠷᠭ᠎ᠠ ᠪᠠᠷ ᠬᠠᠯᠬᠠᠯᠠᠵᠤ᠂ ᠨᠢᠭᠤᠨ ᠳᠠᠯᠳᠠᠯᠠᠭᠰᠠᠨ︾ ᠲᠤᠯᠤᠭᠠᠨ ᠵᠦᠢᠯ ᠤᠨ ᠪᠣᠳᠠᠲᠠᠶ ᠪᠠᠶᠢᠳᠠᠯ᠂ ᠡᠭᠦᠨ ᠳᠤ ︽ᠬᠡᠶᠢᠰᠪᠦᠷᠢ ᠡᠳ᠋ ᠬᠥᠷᠥᠩᠭᠡ︾ ᠶᠢ ᠠᠷᠠᠯᠵᠢᠶᠠᠯᠠᠬᠤ᠂ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢ ᠰᠣᠯᠢᠬᠤ ᠠᠷᠭ᠎ᠠ ᠮᠠᠶ᠋ᠢᠭ ᠢᠶᠠᠷ ᠳᠠᠮᠵᠢᠭᠤᠯᠵᠤ᠂ ᠶᠠᠯ᠎ᠠ ᠬᠢᠵᠦ ᠣᠯᠤᠭᠰᠠᠨ ᠠᠰᠢᠬ ᠵᠢᠴᠢ ᠲᠡᠭᠦᠨ ᠠᠴᠠ ᠣᠯᠤᠭᠰᠠᠨ ᠤᠯᠵᠠᠪᠤᠷᠢ ᠪᠠᠨ ᠰᠢᠯᠵᠢᠬᠦᠯᠦᠭᠰᠡᠨ ᠪᠤᠶᠤ ᠰᠤᠯᠢᠬᠰᠠᠨ ᠵᠡᠷᠭᠡ ᠶᠢ ᠪᠠᠭᠲᠠᠭᠠᠨ᠎ᠠ ᠬᠡᠵᠤ ᠳᠤᠳᠤᠷᠬᠠᠢ ᠲᠤᠭᠳᠠᠭᠠᠪᠠ᠃    ᠡᠭᠦᠨ ᠤ ᠵᠡᠷᠭᠡ ᠳᠤ᠂ ᠬᠠᠤᠯᠢ ᠪᠠᠷᠢᠬᠤ ᠲᠠᠶᠢᠯᠪᠤᠷᠢᠯᠠᠯᠲᠠ ᠳᠤ ︽ᠥᠪᠡᠷ ᠢᠶᠠᠨ ᠵᠣᠭᠤᠰ ᠤᠬᠢᠶᠠᠭᠰᠠᠨ︾ ︽ᠪᠤᠰᠤᠳ ᠢᠶᠠᠷ ᠵᠣᠭᠤᠰ ᠤᠬᠢᠶᠠᠯᠭᠠᠬᠰᠠᠨ︾ ᠶᠠᠯᠠᠲᠤ ᠠᠵᠢᠯᠯᠠᠭ᠎ᠠ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠵᠢᠴᠢ ︽ᠪᠤᠰᠤᠳ ᠢᠶᠠᠷ ᠵᠣᠭᠤᠰ ᠤᠬᠢᠶᠠᠯᠭᠠᠬᠰᠠᠨ︾ ᠶᠠᠯᠠᠲᠤ ᠠᠵᠢᠯᠯᠠᠭ᠎ᠠ ᠶᠢᠨ ᠪᠡᠶᠡᠴᠢ ᠲᠠᠨᠢᠯᠲᠠ ᠶᠢ ᠬᠢᠨᠠᠨ ᠪᠠᠶᠢᠴᠠᠭᠠᠵᠤ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠲᠣᠳᠣᠷᠬᠠᠶ ᠲᠣᠭᠲᠠᠭᠠᠵᠠᠶ᠃ ᠬᠠᠤᠯᠢ ᠪᠠᠷᠢᠬᠤ ᠲᠠᠶᠢᠯᠪᠤᠷᠢᠯᠠᠯᠲᠠ ᠳᠤ ᠪᠠᠰᠠ ᠵᠣᠭᠤᠰ ᠤᠬᠢᠶᠠᠭᠰᠠᠨ ᠲᠤᠭ᠎ᠠ ᠨᠢ ᠲᠠᠪᠤᠨ ᠵᠠᠭᠤᠨ ᠲᠦᠮᠡᠨ ᠲᠥᠭᠦᠷᠢᠭ ᠠᠴᠠ ᠬᠡᠲᠦᠷᠡᠭᠰᠡᠨ ᠮᠥᠷᠲᠡᠭᠡᠨ ᠵᠣᠭᠤᠰ ᠤᠬᠢᠶᠠᠭᠰᠠᠨ ᠠᠵᠢᠯᠯᠠᠭ᠎ᠠ ᠶᠢ ᠣᠯᠠᠨᠲᠠ ᠬᠢᠭᠰᠡᠨ︔ ᠡᠳ᠋ ᠪᠣᠳᠠᠰ ᠢ ᠨᠡᠬᠡᠮᠵᠢᠯᠡᠨ ᠲᠤᠰᠢᠶᠠᠯᠭᠠᠬᠤ ᠠᠵᠢᠯ ᠳᠤ ᠬᠠᠮᠵᠢᠯᠴᠠᠬᠤ ᠶᠢ ᠲᠡᠪᠴᠢᠵᠦ᠂ ᠪᠤᠵᠠᠷ ᠵᠣᠭᠤᠰ ᠪᠤᠵᠠᠷ ᠡᠳ᠋ ᠢ ᠨᠡᠬᠡᠮᠵᠢᠯᠡᠨ ᠲᠤᠰᠢᠶᠠᠯᠭᠠᠬᠤ ᠶᠢᠨ ᠠᠷᠭ᠎ᠠ ᠦᠭᠡᠢ ᠪᠣᠯᠤᠬᠰᠠᠨ︔ ᠬᠤᠶᠠᠷ ᠵᠠᠭᠤ ᠲᠠᠪᠢᠨ ᠲᠦᠮᠡᠨ ᠲᠥᠭᠦᠷᠢᠭ ᠠᠴᠠ ᠳᠡᠭᠡᠭᠰᠢ ᠬᠤᠬᠢᠷᠠᠯ ᠤᠴᠠᠷᠠᠭᠤᠯᠤᠭᠰᠠᠨ︔ ᠡᠰᠡᠬᠦᠯ᠎ᠡ ᠪᠤᠰᠤᠳ ᠬᠦᠨᠳᠦ ᠨᠣᠴᠢᠲᠠᠢ ᠤᠷᠰᠢᠭ ᠲᠠᠲᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ︽ᠦᠢᠯᠡ ᠪᠠᠶᠢᠳᠠᠯ ᠨᠢ ᠬᠦᠨᠳᠦ ᠨᠣᠴᠢᠲᠠᠢ︾ ᠪᠠᠷ ᠮᠠᠭᠠᠳᠯᠠᠨ ᠲᠣᠭᠲᠠᠭᠠᠬᠤ ᠪᠠᠷ ᠳᠤᠳᠤᠷᠬᠠᠶᠢᠯᠠᠪᠠ᠃    ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠪᠥᠬᠦ ᠤᠯᠤᠰ ᠤᠨ ᠬᠡᠪᠴᠢᠶᠡᠨ ᠳᠤ ᠵᠣᠭᠤᠰ ᠤᠬᠢᠶᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠭᠤᠷᠪᠠᠨ ᠵᠢᠯ ᠤᠨ ᠠᠵᠢᠯᠯᠠᠭ᠎ᠠ ︵2022 — 2024 ᠣᠨ︶ ᠶᠢ ᠬᠠᠮᠲᠤᠷᠠᠨ ᠥᠷᠨᠢᠭᠦᠯᠦᠭᠰᠡᠨ ᠠᠴᠠ ᠨᠠᠭᠠᠰᠢ᠂ ᠪᠥᠬᠦ ᠤᠯᠤᠰ ᠤᠨ ᠰᠢᠭᠦᠬᠦ ᠬᠤᠷᠢᠶ᠎ᠠ ᠶᠢᠨ ᠨᠢᠬᠡᠳᠤᠭᠡᠷ ᠰᠢᠬᠦᠯᠳᠠ ᠳᠤ ᠵᠣᠭᠤᠰ ᠤᠬᠢᠶᠠᠭᠰᠠᠨ ᠶᠠᠯ᠎ᠠ ᠶᠢᠨ 2406 ᠡᠷᠡᠭᠦᠦ ᠶᠢᠨ ᠬᠡᠷᠡᠭ ᠤᠨ 2978 ᠬᠦᠮᠤᠨ ᠢ ᠰᠢᠭᠦᠨ ᠳᠠᠭᠤᠰᠬᠠᠵᠤ᠂ ᠡᠨᠡ ᠵᠢᠯ ᠤᠨ 1 ᠰᠠᠷ᠎ᠠ ᠠᠴᠠ 6 ᠰᠠᠷ᠎ᠠ ᠪᠣᠯᠲᠠᠯ᠎ᠠ 349 ᠬᠡᠷᠡᠭ ᠤᠨ 573 ᠬᠥᠮᠦᠨ ᠢ ᠰᠢᠭᠦᠨ ᠳᠠᠭᠤᠰᠬᠠᠵᠠᠶ᠃ ᠪᠦᠷᠢᠨ ᠪᠤᠰᠤ ᠪᠦᠷᠢᠳᠭᠡᠯ ᠢ ᠦᠨᠳᠦᠰᠦᠯᠡᠪᠡᠯ᠂ 2022 ᠣᠨ ᠠᠴᠠ 2023 ᠣᠨ ᠪᠣᠯᠲᠠᠯᠠᠬᠢ ᠨᠢᠭᠡᠳᠦᠭᠡᠷ ᠰᠢᠭᠦᠯᠲᠡ ᠶᠢᠨ ᠰᠢᠭᠦᠵᠦ ᠳᠠᠭᠤᠰᠬᠠᠭᠰᠠᠨ ᠵᠣᠭᠤᠰ ᠤᠬᠢᠶᠠᠭᠰᠠᠨ ᠬᠡᠷᠡᠭ ᠤᠨ ᠳᠣᠲᠣᠷ᠎ᠠ᠂ ᠵᠣᠭᠤᠰ ᠤᠬᠢᠶᠠᠭᠰᠠᠨ ᠳᠡᠭᠡᠳᠦ ᠤᠷᠤᠰᠬᠠᠯ ᠤᠨ ᠶᠠᠯᠠᠲᠤ ᠠᠵᠢᠯᠯᠠᠭ᠎ᠠ ᠨᠢ ᠭᠤᠤᠯᠳᠠᠭᠤ ᠬᠤᠤᠷᠲᠤ ᠡᠳ᠋ ᠰᠠᠷᠢᠭᠠᠯᠠᠬᠰᠠᠨ ᠶᠠᠯᠠᠲᠤ ᠠᠵᠢᠯᠯᠠᠭ᠎ᠠ᠂ ᠱᠠᠮᠰᠢᠵᠤ ᠬᠡᠭᠡᠯᠢ ᠢᠳᠡᠵᠦ ᠬᠠᠭ᠋ᠤᠤᠯᠢ ᠲᠦᠯᠬᠢᠭᠰᠡᠨ ᠶᠠᠯᠠᠲᠤ ᠠᠵᠢᠯᠯᠠᠭ᠎ᠠ᠂ ᠮᠥᠩᠭᠦᠨ ᠭᠦᠢᠯᠭᠡᠭᠡᠨ ᠤ ᠶᠠᠯᠠᠲᠤ ᠠᠵᠢᠯᠯᠠᠭ᠎ᠠ ᠳᠤ ᠲᠥᠪᠯᠡᠷᠡᠵᠦ᠂ ᠡᠵᠡᠯᠡᠬᠦ ᠬᠠᠷᠢᠴᠠᠯ ᠨᠢ ᠨᠠᠢᠮᠠᠨ ᠬᠤᠪᠢ ᠶᠢ ᠳᠠᠪᠠᠭᠰᠠᠨ ᠪᠠᠶᠢᠨ᠎ᠠ᠃    ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠭᠤᠷᠪᠠᠳᠤᠭᠠᠷ ᠲᠢᠩᠬᠢᠮ ᠤᠨ ᠳᠠᠷᠤᠭ᠎ᠠ ᠴᠧᠨ ᠬᠤᠩ ᠰᠢᠶᠠᠩ᠂ ᠠᠷᠠᠳ ᠤᠨ ᠰᠢᠭᠦᠬᠦ ᠬᠤᠷᠢᠶ᠎ᠠ ᠵᠣᠭᠤᠰ ᠤᠬᠢᠶᠠᠬᠤ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠢᠳᠭᠡᠵᠦ᠂ ᠨᠢᠭᠤᠴᠠ ᠵᠣᠭᠤᠰᠣᠨ ᠫᠦᠰᠡ ᠳᠤ ᠬᠤᠯᠪᠣᠭᠳᠠᠭᠰᠠᠨ ᠵᠣᠭᠤᠰ ᠤᠬᠢᠶᠠᠬᠤ ᠶᠠᠯᠠᠲᠤ ᠠᠵᠢᠯᠯᠠᠭ᠎ᠠ᠂ ᠬᠡᠶᠢᠰᠪᠦᠷᠢ ᠵᠣᠭᠤᠰ᠂ ᠲᠣᠭᠯᠠᠭᠠᠮ ᠤᠨ ᠵᠣᠭᠤᠰ ᠢ ᠠᠰᠢᠭᠯᠠᠬᠤ ᠵᠡᠷᠭᠡ ᠵᠣᠭᠤᠰ ᠤᠬᠢᠶᠠᠬᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠎ᠠ ᠭᠡᠵᠡᠶ᠃ ︽ᠦᠪᠡᠷ ᠢᠶᠠᠨ ᠵᠣᠭᠤᠰ ᠤᠬᠢᠶᠠᠭᠰᠠᠨ︾ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠭᠡᠨ᠎ᠠ᠃ ᠵᠣᠭᠤᠰ ᠢᠶᠠᠷ ᠶᠠᠯᠠᠳᠠᠬᠤ ᠡᠷᠡᠭᠦᠦ ᠪᠠᠷ ᠰᠢᠢᠳᠭᠡᠬᠦ ᠪᠠ ᠭᠦᠢᠴᠡᠳᠭᠡᠬᠦ ᠡᠷᠴᠢᠮ ᠢᠶᠠᠨ ᠴᠢᠩᠭᠠᠷᠠᠭᠤᠯᠵᠤ᠂ ᠵᠣᠭᠤᠰ ᠤᠬᠢᠶᠠᠭᠰᠠᠨ ᠦᠢᠯᠡ ᠠᠵᠢᠯᠯᠠᠭᠠᠳᠠᠨ ᠤ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠬᠠᠤᠯᠢ ᠶᠣᠰᠣᠭᠠᠷ ᠨᠡᠬᠡᠮᠵᠢᠯᠡᠨ ᠲᠤᠰᠢᠶᠠᠯᠭᠠᠵᠤ᠂ ᠶᠠᠮᠠᠷᠪᠠ ᠬᠥᠮᠦᠨ ᠳᠤ ᠶᠠᠯᠠᠲᠤ ᠠᠵᠢᠯᠯᠠᠭ᠎ᠠ ᠶᠢᠨ ᠳᠤᠮᠳᠠ ᠠᠴᠠ ᠬᠠᠤᠯᠢ ᠪᠤᠰᠤ ᠪᠠᠷ ᠠᠰᠢᠭ ᠣᠯᠭᠤᠬᠤ ᠦᠭᠡᠢ ᠪᠣᠯᠭᠠᠨ᠎ᠠ᠃ ᠡᠭᠦᠨ ᠤ ᠵᠡᠷᠬᠡ ᠪᠠᠷ ᠠᠭᠤᠴᠢᠯᠠᠬᠤ ᠪᠠ ᠴᠢᠩᠭ᠎ᠠ ᠰᠢᠢᠳᠭᠡᠬᠦ ᠶᠢ ᠬᠤᠣᠰᠯᠠᠭᠤᠯᠤᠭᠰᠠᠨ ᠡᠷᠡᠭᠦᠦ ᠶᠢᠨ ᠬᠡᠷᠡᠭ ᠤᠨ ᠲᠦᠷᠦ ᠶᠢᠨ ᠪᠤᠳᠤᠯᠭ᠎ᠠ ᠶᠢ ᠦᠨᠡᠨ ᠬᠦ ᠲᠤᠭᠤᠰᠢᠯᠠᠭᠤᠯᠵᠤ᠂ ᠪᠠᠶᠢᠳᠠᠯ ᠢ ᠢᠯᠭᠠᠨ᠂ ᠢᠯᠭᠠᠭ᠎ᠠ ᠲᠠᠢ ᠬᠠᠨᠳᠤᠵᠤ᠂ ᠬᠠᠮᠤᠭ ᠤᠨ ᠰᠠᠶᠢᠨ ᠤᠯᠤᠰ ᠲᠦᠷᠦ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ ᠪᠠ ᠬᠠᠤᠯᠢ ᠴᠠᠭᠠᠵᠠ ᠶᠢᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ ᠬᠡᠵᠤ ᠢᠯᠡᠳᠬᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号