ᠰᠦᠨ ᠱᠤᠤ ᠴᠧᠩ ᠲᠦᠮᠡᠳ ᠵᠡᠭᠦᠨ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/8/22
    8 ᠰᠠᠷ᠎ᠠ ᠶᠢᠨ 20 ᠤ ᠡᠳᠦᠷ᠂ ᠰᠦᠨ ᠱᠤᠤ ᠴᠧᠩ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠳᠤ ᠬᠦᠷᠴᠦ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠳᠤ ᠢᠯᠡᠷᠡᠬᠦᠯᠥᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠦᠨᠳᠦᠰᠦᠨ ᠱᠠᠲᠤᠨ ᠤ ᠵᠠᠰᠠᠯᠲᠠ ᠵᠡᠷᠭᠡ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃    ᠰᠦᠨ ᠱᠤᠤ ᠴᠧᠩ ᠡᠩ ᠲᠡᠷᠢᠭᠦᠨ ᠳᠤ ᠪᠢᠴᠢᠭᠡᠴᠢ ᠪᠠᠯᠭᠠᠰᠤᠨ ᠳᠤ ᠬᠦᠷᠴᠦ᠂ ᠬᠤᠭ ᠨᠣᠪᠰᠢ ᠬᠠᠶᠠᠬᠤ ᠶᠢ ᠴᠡᠭᠴᠡᠯᠡᠨ ᠰᠠᠶᠢᠵᠢᠷᠠᠭᠤᠯᠬᠤ ᠴᠡᠭ ᠪᠣᠯᠤᠨ ᠪᠠᠷᠢᠯᠭ᠎ᠠ ᠶᠢᠨ ᠬᠤᠭ ᠨᠣᠪᠰᠢ ᠶᠢ ᠠᠷᠢᠯᠭᠠᠬᠤ ᠲᠠᠯᠠᠪᠠᠢ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠬᠤᠭ ᠨᠣᠪᠰᠢ ᠶᠢ ᠰᠢᠢᠳᠪᠦᠷᠢᠯᠡᠬᠦ᠂ ᠬᠤᠭ ᠨᠣᠪᠰᠢ ᠶᠢ ᠠᠷᠢᠯᠭᠠᠬᠤ ᠲᠠᠯᠠᠪᠠᠢ ᠶᠢᠨ ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠠᠤᠯᠢ ᠪᠤᠰᠤ ᠪᠠᠷ ᠬᠤᠭ ᠨᠣᠪᠰᠢ ᠬᠠᠶᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ᠂ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠭ ᠨᠣᠪᠰᠢ ᠶᠢ ᠰᠢᠢᠳᠪᠦᠷᠢᠯᠡᠬᠦ ᠳᠤ ᠰᠢᠰᠲ᠋ᠧᠮᠲᠦ ᠰᠡᠳᠭᠢᠬᠦᠢ ᠪᠠᠨ ᠴᠢᠩᠭᠠᠳᠬᠠᠵᠤ᠂ ᠲᠣᠭᠲᠠᠴᠠ ᠶᠢ ᠪᠦᠷᠢᠨᠰᠢᠬᠦᠯᠬᠦ ᠠᠴᠠ ᠭᠠᠷᠳᠠᠵᠤ᠂ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠵᠡᠷᠭᠡ ᠭᠤᠭᠴᠤᠭ᠎ᠠ ᠶᠢᠨ ᠲᠦᠭᠵᠢᠷᠡᠯ ᠬᠤᠷᠢᠭ᠎ᠠ ᠴᠡᠭ ᠢ ᠨᠡᠪᠲᠡᠷᠡᠭᠦᠯᠵᠦ᠂ ᠠᠵᠢᠯ ᠤᠨ ᠵᠢᠷᠤᠮᠵᠢᠯ ᠲᠠᠢ ᠥᠨᠳᠥᠷ ᠪᠦᠲᠦᠮᠵᠢᠲᠡᠢ ᠡᠷᠬᠢᠯᠳᠤᠬᠦ ᠶᠢ ᠠᠬᠢᠭᠤᠯᠬᠤ ᠬᠡᠷᠡᠭᠲᠡᠢ᠃ ᠬᠤᠭ ᠨᠣᠪᠰᠢ ᠶᠢ ᠠᠷᠢᠯᠭᠠᠬᠤ ᠲᠠᠯᠠᠪᠠᠢ ᠶᠢ ᠪᠦᠲᠦᠭᠡᠨ ᠪᠠᠶᠢᠭᠤᠯᠵᠤ ᠡᠵᠡᠩᠨᠡᠬᠦ ᠳᠤ ᠵᠠᠬ᠎ᠠ ᠳᠡᠯᠭᠡᠭᠦᠷ ᠤᠨ ᠤᠬᠠᠮᠰᠠᠷ ᠢᠶᠠᠨ ᠴᠢᠩᠭᠠᠳᠬᠠᠵᠤ᠂ ᠬᠤᠭ ᠨᠣᠪᠰᠢ ᠶᠢ ᠳᠠᠬᠢᠨ ᠠᠰᠢᠭᠯᠠᠬᠤ ᠲᠦᠪᠰᠢᠨ ᠢ ᠶᠡᠭᠡ ᠪᠠᠷ ᠳᠡᠭᠡᠭᠰᠢᠯᠡᠭᠦᠯᠬᠦ ᠬᠡᠷᠡᠭᠲᠡᠢ ᠭᠡᠪᠡ᠃ ᠴᠠᠭᠠᠰᠤᠴᠢ ᠪᠠᠯᠭᠠᠰᠤᠨ ᠳᠤ ᠰᠦᠨ ᠱᠤᠤ ᠴᠧᠩ ᠦᠨᠳᠦᠰᠦᠨ ᠱᠠᠲᠤᠨ ᠤ ᠺᠠᠳ᠋ᠷ ᠲᠠᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠪᠠᠶᠢᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ᠂ ᠣᠯᠠᠨ ᠲᠦᠮᠡᠨ ᠤ ᠬᠠᠨᠤᠮᠵᠢᠲᠠᠶ ᠪᠠᠶᠢᠬᠤ ᠶᠢ ᠠᠵᠢᠯ ᠤᠨ ᠦᠨᠳᠦᠰᠦᠨ ᠪᠠᠷᠢᠮᠵᠢᠶ᠎ᠠ ᠪᠣᠯᠭᠠᠵᠤ ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠨ ᠣᠯᠠᠨ ᠲᠦᠮᠡᠨ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠬᠦ ᠶᠢ ᠨᠠᠩ ᠴᠢᠬᠤᠯᠠᠴᠢᠯᠠᠵᠤ᠂ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠨᠠᠩ ᠲᠥᠪ ᠭᠤᠤᠯᠴᠢ᠂ ᠨᠠᠩ ᠳᠠᠭᠠᠭᠠᠮᠠᠭᠠᠢ ᠪᠣᠯᠭᠠᠬᠤ ᠬᠡᠷᠡᠭᠲᠡᠶ ᠭᠡᠪᠡ᠃    ᠬᠤᠳᠠ ᠬᠤᠰᠢᠭᠤ ᠬᠤᠶᠠᠷ ᠱᠠᠲᠤᠨ ᠤ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ᠂ ᠰᠦᠨ ᠱᠤᠤ ᠴᠧᠩ᠂ ᠲᠦᠮᠡᠳ ᠵᠡᠭᠦᠨ ᠬᠤᠰᠢᠭᠤ ᠪᠣᠯ ᠰᠢᠯᠢᠳᠡᠭ ᠤᠯᠠᠮᠵᠢᠯᠠᠯ ᠲᠠᠢ ᠭᠠᠵᠠᠷ ᠪᠣᠯᠤᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠭᠦᠨ ᠠᠴᠠ ᠡᠮᠦᠨ᠎ᠡ ᠠᠵᠢᠯ ᠤᠨ ᠳᠤᠮᠳᠠ ᠢᠯᠡᠷᠡᠭᠰᠡᠨ ᠲᠤᠪᠤᠶᠢᠮ᠎ᠠ ᠠᠰᠠᠭᠤᠳᠠᠯ ᠢ ᠭᠦᠨᠵᠡᠭᠡᠢ ᠲᠤᠩᠭᠠᠨ ᠪᠣᠳᠣᠯᠬᠢᠯᠠᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠰᠠᠶᠢᠲᠤᠷ ᠠᠳᠬᠤᠬᠤ ᠪᠠᠷ ᠠᠵᠠ ᠲᠣᠬᠢᠶᠠᠯ ᠪᠣᠯᠭᠠᠵᠤ᠂ ᠡᠪᠡᠳᠴᠢᠨ ᠤ ᠦᠨᠳᠦᠰᠦ ᠶᠢ ᠭᠦᠨᠵᠡᠭᠡᠢ ᠠᠭᠤᠳᠠᠯᠵᠤ᠂ ᠡᠪᠡᠳᠴᠢᠨ ᠤ ᠦᠨᠳᠦᠰᠦ ᠶᠢ ᠬᠦᠴᠦᠯᠡᠨ ᠠᠷᠢᠯᠭᠠᠵᠤ᠂ ᠬᠦᠨᠳᠦ ᠨᠣᠴᠢᠲᠠᠢ ᠠᠰᠠᠭᠤᠳᠠᠯ ᠭᠠᠷᠤᠭᠰᠠᠨ ᠭᠠᠵᠠᠷ ᠢ ᠴᠡᠭᠴᠡᠯᠡᠨ ᠰᠠᠶᠢᠵᠢᠷᠠᠭᠤᠯᠤᠭᠰᠠᠨ ᠨᠡᠶᠢᠲᠡᠯᠢᠭ ᠵᠢᠱᠢᠶ᠎ᠡ ᠪᠣᠯᠭᠠᠨ ᠬᠤᠪᠢᠷᠠᠭᠤᠯᠵᠤ᠂ ᠪᠤᠰᠤᠳ ᠭᠠᠵᠠᠷ ᠣᠷᠣᠨ ᠳᠤ ᠠᠰᠢᠭᠲᠠᠢ ᠲᠤᠷᠰᠢᠯᠭ᠎ᠠ ᠬᠠᠩᠭᠠᠬᠤ ᠪᠠᠷ ᠴᠢᠷᠮᠠᠶᠢᠬᠤ ᠬᠡᠷᠡᠭᠲᠡᠢ᠃ ᠠᠯᠳᠠᠭ᠎ᠠ ᠪᠠᠨ ᠵᠠᠯᠠᠷᠠᠭᠤᠯᠬᠤ ᠪᠣᠯ ᠥᠭᠡᠷᠡᠴᠢᠯᠡᠯᠲᠡ ᠮᠦᠨ ᠭᠡᠳᠡᠭ ᠢ ᠪᠠᠷᠢᠮᠲᠠᠯᠠᠵᠤ᠂ ᠡᠯ᠎ᠡ ᠲᠠᠯ᠎ᠠ ᠡᠯ᠎ᠡ ᠬᠦᠷᠢᠶᠡᠨ ᠳᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠰᠢᠢᠳᠪᠦᠷᠢᠯᠡᠬᠦ ᠬᠡᠷᠡᠭᠳᠡᠢ᠃ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠺᠠᠳ᠋ᠷ ᠤᠨ ᠢᠳᠡᠪᠬᠢᠵᠢᠯ ᠢ ᠨᠡᠩ ᠰᠠᠶᠢᠲᠤᠷ ᠳᠠᠶᠢᠴᠢᠯᠠᠬᠤ ᠬᠡᠷᠡᠭᠲᠡᠢ᠃ ᠣᠯᠠᠨ ᠲᠦᠮᠡᠨ ᠤ ᠬᠦᠰᠡᠯ ᠡᠷᠡᠮᠡᠯᠵᠡᠯ ᠢ ᠣᠶᠢᠯᠠᠭᠠᠬᠤ ᠶᠢ ᠴᠢᠬᠤᠯᠠᠴᠢᠯᠠᠵᠤ᠂ ᠣᠯᠠᠨ ᠲᠦᠮᠡᠨ ᠤ ᠬᠦᠴᠢᠷ ᠠᠰᠠᠭᠤᠳᠠᠯ ᠢ ᠦᠨᠡᠨ ᠪᠣᠳᠠᠲᠠᠶ ᠰᠢᠢᠳᠪᠦᠷᠢᠯᠡᠵᠦ᠂ ᠰᠠᠶᠢᠨ ᠶᠠᠪᠤᠳᠠᠯ ᠬᠢᠵᠦ᠂ ᠣᠯᠠᠨ ᠲᠦᠮᠡᠨ ᠤ ᠡᠵᠡᠨ ᠬᠥᠮᠦᠨ ᠤ ᠤᠬᠠᠮᠰᠠᠷ ᠢᠶᠠᠨ ᠨᠡᠮᠡᠭᠳᠡᠭᠦᠯᠬᠦ ᠶᠢ ᠬᠥᠲᠥᠯᠥᠨ ᠵᠢᠯᠣᠭᠤᠳᠬᠤ ᠬᠡᠷᠡᠭᠳᠡᠢ᠃ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠢ ᠶᠢᠨ ᠡᠷᠬᠢᠯᠳᠠ ᠶᠢ ᠲᠣᠭᠲᠠᠪᠤᠷᠢᠵᠢᠭᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠳᠡᠢ᠃ ᠡᠯ᠎ᠡ ᠵᠦᠢᠯ ᠤᠨ ᠠᠰᠠᠭᠤᠳᠠᠯ ᠳᠤ ᠴᠢᠭᠯᠡᠭᠦᠯᠦᠨ᠂ ᠲᠦᠷᠢᠮ ᠲᠣᠭᠲᠠᠭᠠᠯ ᠲᠣᠭᠲᠠᠭᠠᠬᠤ ᠶᠢ ᠰᠠᠶᠢᠲᠤᠷ ᠠᠳᠬᠤᠵᠤ᠂ ᠲᠣᠭᠲᠠᠭᠠᠬᠤ ᠶᠣᠰᠣᠲᠠᠢ ᠶᠣᠰᠣ ᠲᠦᠷᠢᠮ ᠢ ᠲᠣᠭᠲᠠᠭᠠᠬᠤ ᠬᠡᠷᠡᠭᠲᠡᠢ᠃ ᠨᠠᠮ ᠤᠨ ᠪᠠᠶᠢᠭᠤᠯᠤᠯᠲᠠ᠂ ᠨᠡᠶᠢᠭᠡᠮ ᠤᠨ ᠵᠠᠰᠠᠯᠲᠠ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠳᠡᠢ ᠭᠡᠪᠡ᠃    ᠪᠦᠦ ᠭᠠᠩ᠂ ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号