ᠵᠡᠭᠦᠨ ᠪᠡᠯ ᠪᠠᠯᠭᠠᠰᠤ ᠤᠯᠠᠮᠵᠢᠯᠠᠯᠳᠤ ᠲᠡᠵᠢᠬᠡᠨ ᠦᠷᠡᠵᠢᠬᠦᠯᠬᠦ ᠤᠶᠢᠯᠡᠰ ᠤᠨ ᠬᠦᠭᠵᠢᠯᠲᠠ ᠪᠠᠷ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠦᠯ᠎ᠡ
ᠨᠡᠶᠢᠲᠡᠯᠡᠭᠰᠡᠨ ᠴᠠᠭ᠄
2024/8/23
   ᠠᠯᠠᠱᠠ ᠵᠡᠬᠦᠨ ᠬᠤᠰᠢᠭᠤᠨ ᠤ ᠵᠡᠬᠦᠨ ᠪᠡᠯ ᠪᠠᠯᠭᠠᠰᠤ ᠭᠠᠵᠠᠷ ᠤᠷᠤᠨ ᠤ ᠲᠠᠪᠠᠭᠤᠯᠢᠭ ᠲᠤ ᠰᠠᠭᠤᠷᠢᠯᠠᠵᠦ᠂ ᠠᠷᠭ᠎ᠠ ᠬᠡᠮᠵᠢᠶ᠎ᠡ ᠪᠠᠨ ᠰᠢᠨᠡᠳᠭᠡᠨ᠂ ᠲᠡᠵᠢᠭᠡᠨ ᠦᠷᠡᠵᠢᠬᠦᠯᠬᠦ ᠤᠶᠢᠯᠡᠰ ᠤᠨ ᠬᠡᠪᠴᠢᠶᠡᠵᠢᠭᠰᠡᠨ ᠠᠵᠦ ᠤᠶᠢᠯᠡᠰᠵᠢᠭᠰᠡᠨ ᠪᠤᠬᠢᠷᠳᠤᠯ ᠦᠭᠡᠢ ᠬᠦᠭᠵᠢᠯᠳᠡ ᠶᠢᠨ ᠵᠠᠮ ᠢᠶᠠᠷ ᠵᠠᠮᠨᠠᠬᠤ ᠶᠢ ᠲᠦᠯᠬᠢᠨ ᠠᠬᠢᠭᠤᠯᠵᠦ᠂ ᠨᠠᠮ ᠤᠨ ᠬᠤᠷᠢᠶ᠎ᠠ ᠨᠢᠬᠡᠳᠦᠯᠳᠡᠢ ᠲᠦᠯᠦᠪᠵᠢᠬᠦᠯᠬᠦ᠂ ᠨᠠᠮ ᠤᠨ ᠡᠬᠦᠷ ᠬᠦᠳᠦᠯᠦᠨ ᠲᠠᠭᠠᠭᠤᠯᠬᠤ᠂ ᠨᠠᠮ ᠤᠨ ᠬᠡᠰᠢᠬᠦᠨ ᠲᠠᠭᠤᠷᠢᠶᠠᠯ ᠦᠵᠡᠬᠦᠯᠬᠦ ᠵᠡᠷᠭᠡ ᠠᠷᠭ᠎ᠠ ᠬᠡᠯᠪᠡᠷᠢ ᠪᠠᠷ ᠤᠯᠠᠨ ᠲᠦᠮᠡᠨ ᠢ ᠲᠠᠶᠢᠴᠢᠯᠠᠨ ᠲᠡᠵᠢᠬᠡᠨ ᠦᠷᠡᠵᠢᠬᠦᠯᠬᠦ ᠤᠨᠴᠠᠯᠢᠭᠳᠤ ᠠᠵᠦ ᠤᠶᠢᠯᠡᠰ ᠢ ᠬᠦᠭᠵᠢᠬᠦᠯᠦᠨ ᠤᠷᠤᠯᠭ᠎ᠠ ᠪᠠᠨ ᠨᠡᠮᠡᠭᠳᠡᠬᠦᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ᠃   ᠠᠯᠠᠱᠠ ᠵᠡᠬᠦᠨ ᠬᠤᠰᠢᠭᠤᠨ ᠤ ᠵᠡᠬᠦᠨ ᠪᠡᠯ ᠪᠠᠯᠭᠠᠰᠤᠨ ᠤ ᠷᠠᠰᠢᠶᠠᠨ ᠭᠠᠴᠠᠭᠠᠨ ᠤ ᠭᠠᠭ᠋ᠠᠢ ᠲᠡᠵᠢᠭᠡᠨ ᠦᠷᠡᠵᠢᠬᠦᠯᠬᠦ ᠰᠠᠭᠤᠷᠢᠨ ᠭᠠᠵᠠᠷ ᠨᠢ ︽ᠨᠠᠮ ᠤᠨ ᠡᠬᠦᠷ + ᠬᠤᠷᠰᠢᠶᠠᠵᠢᠯ + ᠲᠡᠵᠢᠭᠡᠨ ᠦᠷᠡᠵᠢᠬᠦᠯᠬᠦ ᠲᠤᠮᠤ ᠡᠷᠦᠭᠡ + ᠮᠠᠯᠴᠢᠨ ᠲᠠᠷᠢᠶᠠᠴᠢᠨ︾ ᠲᠡᠵᠢᠬᠡᠨ ᠦᠷᠡᠵᠢᠬᠦᠯᠬᠦ ᠵᠠᠭᠪᠤᠷ ᠢ ᠠᠰᠢᠭᠯᠠᠵᠦ᠂ ᠤᠯᠠᠮᠵᠢᠯᠠᠯᠳᠤ ᠲᠡᠵᠢᠬᠡᠨ ᠦᠷᠡᠵᠢᠬᠦᠯᠬᠦ ᠠᠷᠭ᠎ᠠ ᠮᠠᠶ᠋ᠢᠭ ᠢ ᠰᠢᠨᠡᠴᠢᠯᠡᠨ᠂ ᠰᠠᠶᠢᠨ ᠡᠬᠦᠯᠳᠡᠷ ᠤᠨ ᠭᠠᠭ᠋ᠠᠢ ᠶᠢ ᠲᠡᠵᠢᠭᠡᠨ ᠦᠷᠡᠵᠢᠬᠦᠯᠬᠦ᠂ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠬᠦᠯᠬᠦ ᠰᠠᠭᠤᠷᠢᠨ ᠭᠠᠵᠠᠷ ᠢ ᠪᠠᠶᠢᠭᠤᠯᠬᠤ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠬᠦᠯᠬᠦ ᠮᠡᠷᠬᠡᠵᠢᠯ ᠢ ᠲᠡᠭᠡᠭᠰᠢᠯᠡᠬᠦᠯᠬᠦ ᠵᠡᠷᠭᠡ ᠠᠷᠭ᠎ᠠ ᠬᠡᠮᠵᠢᠶ᠎ᠡ ᠠᠪᠤᠭᠰᠠᠨ ᠠᠴᠠ ᠲᠡᠵᠢᠭᠡᠨ ᠦᠷᠡᠵᠢᠬᠦᠯᠵᠦ ᠪᠠᠶᠢᠭ᠎ᠠ ᠭᠠᠭ᠋ᠠᠢ ᠶᠢᠨ ᠲᠤᠭ᠎ᠠ ᠲᠤᠯᠤᠭᠠᠢ ᠨᠢ ᠲᠤᠭᠳᠠᠭᠤᠨ ᠢᠶᠠᠷ ᠨᠡᠮᠡᠭᠳᠡᠵᠦ᠂ ᠲᠤᠰ ᠭᠠᠴᠠᠭᠠᠨ ᠤ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠰᠢᠨ᠎ᠡ ᠴᠡᠭ ᠪᠤᠯᠤᠭᠰᠠᠨ ᠪᠠᠶᠢᠨ᠎ᠠ᠃ ᠷᠠᠰᠢᠶᠠᠨ ᠭᠠᠴᠠᠭᠠᠨ ᠤ ᠨᠠᠮ ᠤᠨ ᠡᠬᠦᠷ ᠤᠨ ᠱᠦᠵᠢ ᠰᠢᠤᠢ ᠹᠦ᠋ ᠪᠤᠤ᠄ ︽ᠡᠳᠦᠷ ᠪᠦᠷᠢ ᠡᠷᠳᠡᠨᠢ ᠰᠢᠰᠢ᠂ ᠠᠭᠰᠢᠭᠠᠮᠠᠯ ᠲᠡᠵᠢᠭᠡᠯ ᠪᠤᠷᠳᠤᠭ᠎ᠠ  ᠪᠠᠷ ᠲᠡᠵᠢᠬᠡᠵᠦ᠂ ᠭᠠᠭ᠋ᠠᠢ ᠶᠢᠨ ᠦᠰᠦᠯᠳᠡ ᠳᠤ ᠬᠡᠷᠡᠭᠴᠡᠭᠡ ᠲᠠᠢ ᠰᠢᠮ᠎ᠡ ᠲᠡᠵᠢᠬᠡᠯ ᠢ ᠨᠦᠬᠦᠪᠦᠷᠢᠯᠡᠳᠡᠭ᠃ ᠪᠤᠷᠤᠯᠠᠭᠤᠯᠬᠤ ᠭᠠᠭ᠋ᠠᠢ ᠶᠢᠨ ᠬᠦᠨᠳᠦ ᠨᠢ ᠪᠠᠷᠤᠭ 330 ᠵᠢᠩ ᠳᠤ ᠬᠦᠷᠪᠡᠯ ᠦᠬᠡᠬᠦ ᠪᠠ ᠮᠢᠬᠠᠨ ᠤ ᠬᠠᠷᠢᠴᠠᠯ ᠨᠢ ᠲᠠᠭᠠᠷᠠᠵᠦ ᠠᠮᠳᠠ ᠰᠢᠮᠳᠠ ᠨᠢ ᠰᠠᠶᠢᠬᠠᠨ ᠪᠤᠯᠳᠠᠭ᠃ ᠮᠠᠨ ᠤ ᠭᠠᠭ᠋ᠠᠢ ᠲᠡᠵᠢᠬᠡᠬᠦ ᠲᠠᠯᠠᠪᠠᠢ ᠶᠢᠨ ᠪᠠᠰᠠ ᠨᠢᠭᠡᠨ ᠤᠨᠴᠠᠯᠢᠭ ᠬᠡᠪᠡᠯ᠂ ᠭᠠᠭ᠋ᠠᠢ ᠶᠢᠨ ᠢᠯᠭᠠᠳᠠᠰᠤ ᠶᠢ ᠤᠷᠭᠠᠨᠢᠭ ᠪᠤᠷᠳᠤᠭᠤᠷ ᠪᠤᠯᠭᠠᠨ ᠪᠤᠯᠪᠠᠰᠤᠷᠠᠭᠤᠯᠤᠭᠠᠳ ᠲᠠᠷᠢᠶᠠᠨ ᠭᠠᠵᠠᠷ ᠲᠤ ᠬᠡᠷᠡᠭᠯᠡᠵᠦ᠂ ᠲᠠᠬᠢᠨ ᠦᠪᠡᠷ ᠢᠶᠠᠨ ᠳᠠᠷᠢᠭᠰᠠᠨ ᠡᠷᠳᠡᠨᠢ ᠰᠢᠰᠢ ᠪᠠᠷ ᠭᠠᠭ᠋ᠠᠢ ᠪᠠᠨ ᠲᠡᠵᠢᠬᠡᠵᠦ ᠡᠬᠢ ᠪᠠᠶᠠᠯᠢᠭ ᠢ ᠲᠠᠬᠢᠨ ᠠᠰᠢᠭᠯᠠᠨ ᠤᠷᠴᠢᠨ ᠠᠬᠤᠢ ᠶᠢ ᠪᠣᠬᠢᠷᠳᠣᠭᠤᠯᠳᠠᠭ ᠦᠭᠡᠢ︾ ᠬᠡᠵᠦ ᠶᠠᠷᠢᠨ᠎ᠠ᠃   ᠵᠡᠭᠦᠨ ᠪᠡᠯ ᠪᠠᠯᠭᠠᠰᠤᠨ ᠤ ᠮᠠᠩᠯᠠᠢ ᠭᠠᠴᠠᠭ᠎ᠠ ᠨᠢ ︽ᠨᠠᠮ ᠤᠨ ᠡᠬᠦᠷ + ᠬᠤᠷᠰᠢᠶᠠᠵᠢᠯ + ᠠᠵᠦ ᠠᠬᠤᠶᠢᠯᠠᠯ + ᠮᠠᠯᠵᠢᠬᠤ ᠡᠷᠦᠭᠡ︾ ᠶᠢᠨ ᠡᠵᠡᠩᠨᠡᠯᠳᠡ ᠶᠢᠨ ᠵᠠᠭᠪᠤᠷ ᠢ ᠬᠡᠷᠡᠭᠵᠢᠬᠦᠯᠵᠦ᠂ ᠵᠢᠱᠢᠯᠳᠡ ᠪᠠᠷ 20 ᠭᠠᠷᠤᠢ ᠲᠡᠵᠢᠭᠡᠨ ᠦᠷᠡᠵᠢᠬᠦᠯᠬᠦ ᠡᠷᠦᠭᠡ ᠶᠢ ᠲᠠᠶᠢᠴᠢᠯᠠᠨ᠂ ᠠᠵᠦ ᠠᠬᠤᠢ ᠶᠢᠨ ᠠᠰᠢᠭ ᠤᠷᠤᠯᠭ᠎ᠠ ᠶᠢ 10000 ᠲᠦᠬᠦᠷᠢᠭ ᠠᠴᠠ ᠲᠡᠭᠡᠭᠰᠢ ᠨᠡᠮᠡᠭᠳᠡᠬᠦᠯᠦᠨ᠂ ᠭᠠᠴᠠᠭᠠᠨ ᠤ ᠬᠠᠮᠳᠤ ᠶᠢᠨ ᠠᠵᠦ ᠠᠬᠤᠢ ᠶᠢᠨ ᠤᠷᠤᠯᠭ᠎ᠠ ᠶᠢ 30 ᠲᠦᠮᠡᠨ ᠲᠦᠬᠦᠷᠢᠭ ᠲᠤ ᠬᠦᠷᠭᠡᠵᠦ᠂ ᠭᠠᠴᠠᠭᠠᠨ ᠤ ᠦᠭᠡᠷ ᠲᠡᠵᠢᠭᠡᠨ ᠦᠷᠡᠵᠢᠬᠦᠯᠬᠦ ᠠᠵᠦ ᠤᠶᠢᠯᠡᠰ ᠤᠨ ᠬᠡᠪᠴᠢᠶᠡᠵᠢᠬᠦ ᠶᠢ ᠠᠬᠢᠭᠤᠯᠵᠡᠢ᠃ ︽ᠮᠠᠨ ᠤ ᠭᠠᠴᠠᠭ᠎ᠠ ᠶᠡᠷᠦᠩᠬᠡᠶᠢᠯᠡᠨ ᠡᠵᠡᠩᠨᠡᠬᠦ ᠵᠠᠭᠪᠤᠷ ᠢ ᠬᠡᠷᠡᠭᠵᠢᠬᠦᠯᠬᠦ ᠶᠢᠨ ᠬᠠᠮᠳᠤ ᠨᠢᠩᠰᠢᠶᠠ ᠵᠡᠷᠭᠡ ᠭᠠᠵᠠᠷ ᠤᠷᠤᠨ ᠠᠴᠠ ᠲᠡᠵᠢᠭᠡᠯ ᠡᠪᠡᠰᠦ ᠤᠷᠤᠭᠤᠯᠬᠤ ᠪᠠ ᠮᠢᠬ᠎ᠠ ᠶᠢ ᠭᠠᠳᠠᠭᠰᠢ ᠭᠠᠷᠭᠠᠬᠤ ᠳᠤ ᠲᠦᠬᠦᠮ ᠵᠡᠷᠭᠡ ᠭᠠᠵᠠᠷ ᠤᠨ ᠪᠠᠶᠢᠴᠠ ᠶᠢᠨ ᠲᠠᠪᠠᠭᠤᠯᠢᠭ ᠢ ᠠᠰᠢᠭᠯᠠᠨ᠂ ᠦᠬᠡᠷ ᠲᠡᠵᠢᠭᠡᠨ ᠦᠷᠡᠵᠢᠬᠦᠯᠵᠦ ᠮᠠᠯᠴᠢᠨ ᠲᠠᠷᠢᠶᠠᠴᠢᠳ ᠤᠨ ᠠᠵᠦ ᠠᠬᠤᠢ ᠶᠢᠨ ᠠᠰᠢᠭ ᠤᠷᠤᠯᠭ᠎ᠠ ᠶᠢ ᠨᠡᠮᠡᠭᠳᠡᠬᠦᠯᠬᠦ ᠪᠤᠳᠠᠳᠠᠢ ᠠᠷᠭ᠎ᠠ ᠬᠡᠮᠵᠢᠶ᠎ᠡ ᠠᠪᠴᠦ ᠪᠠᠶᠢᠨ᠎ᠠ︾ ᠬᠡᠵᠦ ᠲᠤᠰ ᠭᠠᠴᠠᠭᠠᠨ ᠤ ᠨᠠᠮ ᠤᠨ ᠡᠬᠦᠷ ᠤᠨ ᠱᠦᠵᠢ ᠸᠠᠩ ᠲᠤᠤ ᠶᠠᠷᠢᠨ᠎ᠠ᠃ᠮᠠᠩᠯᠠᠢ ᠭᠠᠴᠠᠭᠠᠨ ᠤ ᠬᠡᠪᠴᠢᠶᠡᠵᠢᠭᠰᠡᠨ ᠦᠭᠡᠷ ᠲᠡᠵᠢᠭᠡᠨ ᠦᠷᠡᠵᠢᠬᠦᠯᠬᠦ ᠠᠵᠦ ᠤᠶᠢᠯᠡᠰ ᠤᠨ ᠲᠠᠯᠠᠪᠠᠢ ᠶᠢ 2022 ᠤᠨ ᠠᠴᠠ ᠡᠬᠢᠯᠡᠨ ᠪᠦᠳᠦᠭᠡᠨ ᠪᠠᠶᠢᠭᠤᠯᠵᠦ᠂ ᠦᠨᠦ ᠵᠢᠯ ᠵᠢᠩᠬᠢᠨᠢ ᠪᠠᠷ ᠠᠰᠢᠭᠯᠠᠯᠳᠠ ᠳᠤ ᠤᠷᠤᠭᠤᠯᠤᠨ᠂ ᠤᠳᠤᠬᠠᠨ ᠳᠤ ᠨᠡᠶᠢᠳᠡ 700 ᠭᠠᠷᠤᠢ ᠰᠢᠮᠧᠨ᠋ᠲ᠋ᠠᠷ ᠢᠶᠠᠷ ᠭᠤᠤᠯ ᠪᠤᠯᠭᠠᠭᠰᠠᠨ ᠮᠢᠬᠠᠨ ᠦᠭᠡᠷ ᠢ ᠤᠷᠤᠭᠤᠯᠤᠨ ᠲᠡᠵᠢᠬᠡᠵᠦ ᠪᠤᠢ᠃ ᠮᠢᠬᠠᠨ ᠦᠭᠡᠷ ᠢ ᠳᠡᠵᠢᠭᠡᠵᠣ ᠡᠬᠢᠯᠡᠭᠰᠡᠨ ᠴᠠᠭ ᠠᠴᠠ ᠪᠤᠷᠤᠯᠠᠭᠤᠯᠭ᠎ᠠ ᠶᠢᠨ ᠵᠠᠮ ᠲᠠᠢ ᠪᠣᠯᠵᠣ᠂ ᠲᠤᠰᠬᠠᠢ ᠬᠦᠮᠦᠨ ᠲᠤᠬᠢᠷᠠᠭᠤᠯᠤᠨ ᠮᠢᠬᠠᠨ ᠦᠭᠡᠷ ᠤᠨ ᠲᠡᠵᠢᠭᠡᠯ ᠪᠤᠷᠳᠤᠭ᠎ᠠ ᠶᠢ ᠳᠠᠭᠠᠷᠠᠭᠤᠯᠣᠨ᠂ ᠦᠭᠡᠷ ᠤᠨ ᠲᠠᠯᠠᠪᠠᠢ ᠶᠢᠨ ᠠᠷᠢᠭᠤᠨ ᠴᠡᠪᠡᠷ ᠢ ᠪᠠᠳᠣᠯᠠᠵᠣ᠂ ᠮᠢᠬᠠᠨ ᠦᠭᠡᠷ ᠤᠨ ᠪᠡᠶ᠎ᠡ ᠶᠢᠨ ᠬᠦᠨᠳᠦ ᠪᠠ ᠰᠢᠮ᠎ᠡ ᠲᠡᠵᠢᠬᠡᠯ ᠤᠨ ᠬᠡᠮᠵᠢᠶ᠎ᠡ ᠨᠢ ᠪᠠᠷᠢᠮᠵᠢᠶ᠎ᠠ ᠳᠤ ᠬᠦᠷᠪᠡᠯ ᠭᠠᠳᠠᠨ᠎ᠡ ᠮᠤᠵᠢ ᠤᠷᠤᠨ ᠳᠤ ᠪᠣᠷᠣᠯᠠᠭᠤᠯᠳᠠᠭ᠃   ︽ᠭᠠᠭ᠋ᠠᠢ ᠲᠡᠵᠢᠬᠡᠬᠦ ᠲᠠᠯᠠᠪᠠᠢ᠂ ᠦᠭᠡᠷ ᠲᠡᠵᠢᠬᠡᠬᠦ ᠲᠠᠯᠠᠪᠠᠢ᠂ ᠲᠠᠬᠢᠶ᠎ᠠ ᠲᠡᠵᠢᠬᠡᠬᠦ ᠲᠠᠯᠠᠪᠠᠢ ᠵᠡᠷᠭᠡ ᠬᠡᠪᠴᠢᠶᠡᠵᠢᠭᠰᠡᠨ ᠲᠡᠵᠢᠬᠡᠨ ᠦᠷᠡᠵᠢᠬᠦᠯᠬᠦ ᠤᠨᠴᠠᠯᠢᠭᠳᠤ ᠠᠵᠦ ᠤᠶᠢᠯᠡᠰ ᠠᠴᠠ ᠭᠠᠳᠠᠨ᠎ᠠ ᠮᠠᠨ ᠤ ᠪᠠᠯᠭᠠᠰᠤᠨ ᠤ ᠤᠳᠤᠨᠬᠡᠷᠡᠯ ᠭᠠᠴᠠᠭ᠎ᠠ ᠰᠤᠩᠬᠢᠨ᠎ᠠ ᠡᠳ᠋ᠰᠢᠬᠦᠯᠬᠦ ᠤᠶᠢᠯᠡᠳᠪᠦᠷᠢ ᠶᠢᠨ ᠲᠠᠰᠤᠭ ᠢ ᠨᠢᠬᠡᠨᠳᠡ ᠪᠠᠶᠢᠭᠤᠯᠵᠦ ᠳᠠᠭᠤᠰᠬᠠᠭᠠᠳ ᠤᠳᠤᠬᠠᠨ ᠳᠤ ᠰᠤᠳᠤᠯᠤᠨ ᠨᠡᠬᠡᠬᠡᠬᠦ ᠱᠠᠳᠤᠨ ᠳᠠᠭᠠᠨ ᠣᠷᠣᠵᠡᠢ᠃ ᠪᠠᠰᠠ 50 ᠭᠠᠷᠤᠢ ᠮᠣ᠋ ᠵᠢᠭᠠᠰᠤᠨ ᠴᠦᠬᠦᠷᠦᠮ ᠢ ᠪᠦᠳᠦᠭᠡᠨ ᠪᠠᠶᠢᠭᠤᠯᠵᠦ᠂ 154 ᠮᠣ᠋ ᠲᠠᠷᠢᠶᠠᠨ ᠭᠠᠵᠠᠷ ᠢ ᠰᠡᠷᠬᠦᠬᠡᠨ ᠬᠠᠭᠠᠯᠪᠣᠷᠢᠯᠠᠵᠦ᠂ ᠠᠵᠦ ᠤᠶᠢᠯᠡᠰ ᠤᠨ ᠬᠦᠭᠵᠢᠯᠳᠡ ᠶᠢᠨ ᠬᠦᠴᠦᠨ ᠲᠤᠤᠷ᠎ᠠ ᠬᠠᠮᠳᠤ ᠶᠢᠨ ᠠᠵᠦ ᠠᠬᠤᠢ ᠶᠢᠨ ᠤᠷᠤᠯᠭ᠎ᠠ ᠪᠠᠭ᠎ᠠ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠢ ᠲᠡᠭᠡᠭᠰᠢᠯᠡᠬᠦᠯᠬᠦ ᠳᠤ ᠡᠯ᠎ᠡ ᠲᠠᠯ᠎ᠠ ᠶᠢᠨ ᠠᠷᠭ᠎ᠠ ᠬᠡᠮᠵᠢᠶ᠎ᠡ ᠶᠢ ᠠᠪᠴᠦ ᠪᠠᠶᠢᠨ᠎ᠠ︾ ᠬᠡᠵᠦ ᠵᠡᠭᠦᠨ ᠪᠡᠯ ᠪᠠᠯᠭᠠᠰᠤᠨ ᠤ ᠲᠡᠳ᠋ ᠲᠠᠷᠤᠭ᠎ᠠ ᠴᠧᠨ ᠪᠢᠩ ᠰᠢᠶᠤᠤ ᠶᠠᠷᠢᠨ᠎ᠠ᠃   ᠵᠡᠬᠦᠨ ᠪᠡᠯ ᠪᠠᠯᠭᠠᠰᠤ ᠦᠪᠡᠷᠮᠢᠴᠡ ᠭᠠᠵᠠᠷ ᠤᠷᠤᠨ ᠤ ᠪᠠᠶᠢᠷᠢᠰᠢᠯ ᠪᠠ ᠡᠬᠢ ᠪᠠᠶᠢᠭᠠᠯᠢ ᠶᠢᠨ ᠲᠠᠪᠠᠭᠤᠯᠢᠭ ᠲᠤ ᠰᠠᠭᠤᠷᠢᠯᠠᠵᠦ᠂ ᠲᠤᠬᠠᠢ ᠶᠢᠨ ᠭᠠᠵᠠᠷ ᠤᠨ ᠪᠤᠳᠠᠳᠤ ᠪᠠᠶᠢᠳᠠᠯ ᠳᠤ ᠨᠡᠶᠢᠴᠡᠭᠰᠡᠨ ᠲᠡᠵᠢᠬᠡᠨ ᠦᠷᠡᠵᠢᠬᠦᠯᠬᠦ ᠤᠶᠢᠯᠡᠰ ᠤᠨ ᠬᠦᠭᠵᠢᠯᠳᠡ ᠶᠢᠨ ᠵᠠᠮ ᠢ ᠢᠳᠡᠪᠬᠢᠳᠡᠢ ᠰᠦᠪᠡᠭᠴᠢᠯᠡᠨ᠂ ᠠᠵᠦ ᠤᠶᠢᠯᠡᠰ ᠤᠨ ᠪᠦᠳᠦᠴᠡ ᠶᠢ ᠰᠢᠯᠢᠳᠡᠭᠵᠢᠬᠦᠯᠬᠦ᠂ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ᠂ ᠬᠡᠪ ᠵᠠᠭᠪᠤᠷ ᠤᠨ ᠰᠢᠨ᠎ᠡ ᠶᠢ ᠡᠬᠦᠳᠬᠦ ᠵᠡᠷᠭᠡ ᠠᠷᠭ᠎ᠠ ᠬᠡᠮᠵᠢᠶ᠎ᠡ ᠠᠪᠤᠭᠰᠠᠨ ᠠᠴᠠ ᠲᠡᠵᠢᠭᠡᠨ ᠦᠷᠡᠵᠢᠬᠦᠯᠬᠦ ᠤᠶᠢᠯᠡᠰ ᠤᠨ ᠬᠦᠭᠵᠢᠯᠳᠡ ᠶᠢᠨ ᠰᠢᠨ᠎ᠡ ᠠᠵᠠ ᠲᠤᠬᠢᠶᠠᠯ ᠢ ᠤᠭᠳᠤᠵᠦ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠨᠡᠩ ᠦᠨᠳᠦᠷ ᠲᠦᠪᠰᠢᠨ ᠳᠤ ᠬᠦᠷᠬᠡᠬᠦ ᠰᠢᠨ᠎ᠡ ᠠᠷᠭ᠎ᠠ ᠬᠡᠮᠵᠢᠶ᠎ᠡ ᠶᠢ ᠰᠦᠪᠡᠭᠴᠢᠯᠡᠵᠦ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号