ᠪᠠᠢ ᠬᠠᠢ ᠯᠢᠨ ᠳᠤᠭᠤᠶᠢᠯᠠᠩ ᠳᠠᠭᠠᠭᠤᠯᠤᠨ ᠬᠥᠬᠡᠬᠤᠲᠠ ᠳᠤ ᠬᠦᠷᠴᠦ ᠮᠥᠩᠭᠦᠨ ᠭᠦᠢᠯᠭᠡᠭᠡᠨ ᠤ ᠠᠷᠠᠯᠵᠢᠶᠠᠴᠢᠨ ᠤᠷᠢᠬᠤ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2024/8/23
    8 ᠰᠠᠷ᠎ᠠ ᠶᠢᠨ 21 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠲᠤᠭᠤᠶᠢᠯᠠᠩ ᠳᠠᠭᠠᠭᠤᠯᠤᠨ ᠬᠥᠬᠡᠬᠤᠲᠠ ᠳᠤ ᠬᠦᠷᠴᠦ ᠮᠥᠩᠭᠦᠨ ᠭᠦᠢᠯᠭᠡᠭᠡᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠵᠦ᠂ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠽᠠᠩ ᠭᠦᠸᠧ ᠫᠢᠩ᠂ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠬᠥᠩ ᡁᠢ ᠴᠢᠶᠠᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠳᠣ ᠬᠤᠷᠰᠢᠶ᠎ᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠡᠷᠬᠢᠯᠡᠭᠴᠢ ︵ᠨᠡᠷ᠎ᠡ ᠳᠤᠷᠠᠳᠤᠭᠰᠠᠨ︶ ᠰᠢᠩ ᠠᠢ ᠽᠧ ᠲᠠᠢ ᠲᠣᠰ ᠲᠣᠰ ᠶᠠᠷᠢᠯᠴᠠᠵᠤ ᠰᠠᠨᠠᠯ ᠢᠶᠠᠨ ᠰᠣᠯᠢᠯᠴᠠᠭᠰᠠᠨ ᠪᠥᠭᠡᠳ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠦᠪᠠ᠃
1.jpg
2.jpg
    ᠪᠠᠢ ᠬᠠᠢ ᠯᠢᠨ ᠥᠪᠡᠷᠲᠡᠭᠡᠨ ᠵᠠᠰᠠᠬᠤ ᠣᠷᠣᠨ ᠤ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠤᠷᠳᠤ ᠬᠤᠭᠤᠴᠠᠭᠠᠨ ᠤ ᠲᠤᠷᠰᠢ ᠠᠯᠠᠱᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠣᠷᠣᠨ ᠨᠤᠲᠤᠭ ᠤᠨ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠴᠢᠬᠤᠯᠠ ᠦᠢᠯᠡᠳᠦᠯ ᠲᠠᠢ᠂ ᠣᠷᠣᠨ ᠨᠤᠲᠤᠭ ᠪᠣᠯᠣᠨ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠲᠤᠰ ᠤᠳᠠᠭᠠᠨ ᠤ ᠶᠠᠷᠢᠯᠴᠠᠬᠤ ᠬᠤᠷᠠᠯ ᠳᠤ ᠭᠠᠷ ᠤᠨ ᠦᠰᠦᠭ ᠵᠢᠷᠤᠬᠤ ᠪᠠᠷ ᠠᠵᠠ ᠲᠣᠬᠢᠶᠠᠯ ᠪᠣᠯᠭᠠᠵᠤ᠂ ᠬᠠᠮᠵᠢᠯᠴᠠᠭ᠎ᠠ ᠪᠠᠨ ᠴᠢᠨᠠᠭᠰᠢᠳᠠ ᠴᠢᠩᠭᠠᠳᠬᠠᠠ᠂ ᠮᠥᠩᠭᠦᠨ ᠭᠦᠢᠯᠭᠡᠭᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠪᠡᠶᠡᠯᠡᠭᠦᠯᠦᠨ᠂ ᠵᠠᠮ ᠬᠠᠷᠢᠯᠴᠠᠭ᠎ᠠ ᠡᠨᠧᠷᠭᠢ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠥᠷᠭᠡᠳᠭᠡᠵᠦ ᠰᠢᠨᠡᠴᠢᠯᠡᠭᠦ᠂ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠪᠣᠭᠤᠮᠲᠠ ᠶᠢᠨ ᠠᠷᠠᠯᠵᠢᠶ᠎ᠠ᠂ ᠬᠥᠳᠡᠭᠡ ᠠᠵᠤ ᠠᠬᠤᠢ ᠶᠢ ᠳᠡᠮᠵᠢᠬᠦ ᠵᠢᠵᠢᠭ ᠠᠵᠤ ᠠᠬᠤᠶᠢᠯᠠᠯ ᠢ ᠳᠡᠮᠵᠢᠬᠦ ᠵᠡᠷᠭᠡ ᠬᠦᠷᠢᠶ᠎ᠡ ᠴᠠᠷᠠᠭᠠᠨ ᠳᠤ ᠬᠦᠴᠦ ᠪᠠᠨ ᠲᠥᠪᠯᠡᠷᠡᠭᠦᠯᠦᠨ ᠬᠦᠴᠦᠯᠡᠵᠦ᠂ ᠮᠥᠩᠭᠦᠨ ᠭᠦᠢᠯᠭᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠦᠨ ᠦᠢᠯᠡᠴᠢᠯᠡᠭᠡ ᠶᠢ ᠰᠢᠯᠢᠳᠡᠭᠵᠢᠭᠦᠯᠵᠦ᠂ ᠠᠯᠠᠱᠠ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠨᠡᠩ ᠤᠯᠠᠨ ᠮᠥᠩᠭᠦᠨ ᠭᠦᠢᠯᠭᠡᠭᠡᠨ ᠤ ᠠᠮᠢᠵᠢᠷᠠᠯ ᠤᠨ ᠬᠦᠴᠦᠨ ᠢ ᠨᠡᠮᠡᠷᠢᠯᠡᠶ᠎ᠡ᠃ ᠠᠯᠠᠱᠠ ᠠᠶᠢᠮᠠᠭ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠬᠢᠬᠦ ᠶᠣᠰᠣᠲᠠᠢ ᠠᠵᠢᠯ ᠢᠶᠠᠨ ᠦᠨᠡᠨᠬᠦ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠦᠨᠡᠨᠬᠦ ᠰᠠᠨᠠᠭ᠎ᠠ ᠠᠮᠤᠷ ᠡᠵᠡᠩᠨᠡᠯᠳᠡ ᠬᠢᠯᠭᠡᠵᠦ᠂ ᠰᠠᠨᠠᠭ᠎ᠠ ᠠᠮᠤᠷ ᠬᠥᠭᠵᠢᠭᠦᠯᠦᠨ᠎ᠡ ᠭᠡᠵᠡᠢ᠃
3.jpg
     ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠠᠴᠠ᠂ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠣᠷᠣᠨ ᠨᠤᠲᠤᠭ ᠤᠨ ᠬᠥᠭᠵᠢᠯᠲᠡ᠂ ᠠᠵᠤ ᠦᠢᠯᠡᠰ ᠤᠨ ᠲᠠᠰ ᠳᠠᠪᠰᠢᠯᠲᠠ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠲᠠᠢ ᠨᠠᠷᠢᠯᠢᠭ  ᠣᠨᠣᠪᠴᠢᠳᠠᠢ ᠪᠠᠷ ᠵᠣᠬᠢᠴᠠᠯᠳᠤᠭᠤᠯᠬᠤ ᠶᠢ ᠲᠦᠷᠭᠡᠳᠬᠡᠨ ᠠᠬᠢᠭᠤᠯᠵᠤ᠂ ᠡᠬᠢ ᠪᠠᠶᠠᠯᠢᠭ ᠢ ᠬᠠᠮᠳᠣ ᠪᠠᠷ ᠬᠤᠪᠢᠶᠠᠯᠴᠠᠬᠤ᠂ ᠬᠠᠮᠲᠤᠷᠠᠨ ᠠᠵᠢᠯᠯᠠᠵᠤ ᠬᠠᠮᠳᠣ ᠪᠠᠷ ᠠᠰᠢᠭ ᠭᠥᠷᠳᠡᠬᠦ ᠶᠢ ᠴᠢᠷᠮᠠᠶᠢᠨ ᠪᠡᠶᠡᠯᠡᠭᠦᠯᠦᠨ᠎ᠡ ᠬᠡᠵᠡᠭᠡᠵᠡᠢ᠃       ᠪᠦᠦ ᠶᠧ ᠶᠠᠷᠢᠯᠴᠠᠬᠤ ᠭᠡᠷ᠎ᠡ ᠲᠤᠭᠳᠠᠬᠤ ᠬᠤᠷᠠᠯ ᠳᠤ ᠣᠷᠣᠯᠴᠠᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号