ᠬᠤᠸᠠᠩ ᠶᠠ ᠯᠢ ᠠᠯᠠᠱᠠ ᠵᠡᠭᠦᠨ ᠬᠤᠰᠢᠭᠤᠨ ᠳᠤ ᠭᠦᠨᠵᠡᠭᠡᠶᠢᠷᠡᠨ ᠬᠤᠲᠠ ᠶᠢᠨ ᠪᠦᠲᠦᠭᠡᠨ ᠪᠠᠶᠢᠭᠤᠯᠤᠯᠲᠠ ᠪᠠ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠡ
ᠨᠡᠶᠢᠲᠡᠯᠡᠭᠰᠡᠨ ᠴᠠᠭ᠄
2024/8/23
    8 ᠰᠠᠷ᠎ᠠ ᠶᠢᠨ 22  ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠯᠠᠱᠠ ᠵᠡᠭᠦᠨ ᠬᠤᠰᠢᠭᠤᠨ ᠳᠤ ᠭᠦᠨᠵᠡᠭᠡᠶᠢᠷᠡᠵᠦ᠂ ᠬᠤᠲᠠ ᠶᠢᠨ ᠪᠦᠲᠦᠭᠡᠨ ᠪᠠᠶᠢᠭᠤᠯᠤᠯᠲᠠ ᠪᠠ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠡ᠃
1.jpg
    6 ᠰᠠᠷ᠎ᠠ ᠥᠩᠭᠡᠷᠡᠭᠰᠡᠨ ᠤ ᠳᠠᠷᠠᠭ᠎ᠠ᠂ ᠬᠤᠸᠠᠩ ᠶᠠ ᠯᠢ ᠪᠠᠶᠠᠨᠬᠤᠲᠠ ᠪᠠᠯᠭᠠᠰᠤᠨ ᠤ ᠴᠠᠩ ᠴᠧᠩ ᠰᠠᠭᠤᠭᠠᠯᠢ ᠲᠣᠭᠤᠷᠢᠭ ᠤᠨ ᠬᠤᠶᠢᠲᠤ ᠲᠠᠯ᠎ᠠ ᠶᠢᠨ ᠬᠤᠭᠤᠰᠤᠨ ᠭᠠᠵᠠᠷ ᠲᠤ ᠳᠠᠬᠢᠨᠲᠠ ᠬᠦᠷᠴᠦ᠂ ︽ᠪᠠᠭ᠎ᠠ ᠴᠡᠴᠡᠷᠯᠢᠭ︾᠂ ᠮᠤᠬᠤᠷ ᠵᠠᠮ ᠢ ᠦᠭᠡᠷᠡᠴᠢᠯᠡᠵᠦ ᠪᠠᠶᠢᠭ᠎ᠠ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ᠂ ︽ᠪᠠᠭ᠎ᠠ ᠴᠡᠴᠡᠷᠯᠢᠭ︾ ᠪᠠ ᠮᠤᠬᠤᠷ ᠵᠠᠮ ᠢ ᠦᠭᠡᠷᠡᠴᠢᠯᠡᠬᠦ ᠨᠢ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠳᠤ ᠬᠤᠯᠪᠣᠭᠳᠠᠵᠤ ᠪᠠᠶᠢᠳᠠᠭ ᠪᠣᠯᠬᠤᠷ ᠲᠡᠳᠡᠨ ᠤ ᠠᠩᠬᠠᠷᠤᠯ ᠢ ᠮᠠᠰᠢ ᠶᠡᠭᠡ ᠳᠠᠳᠠᠳᠠᠭ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠠᠢ ᠤᠶᠠᠯᠳᠤᠭᠤᠯᠵᠤ᠂ ᠠᠬᠢᠴᠠ ᠶᠢ ᠲᠦᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠬᠤ ᠬᠡᠷᠡᠭᠲᠡᠢ᠃ ︽ᠪᠠᠭ᠎ᠠ ᠴᠡᠴᠡᠷᠯᠢᠭ︾ ᠢ ᠪᠦᠲᠦᠭᠡᠨ ᠪᠠᠶᠢᠭᠤᠯᠬᠤ ᠳᠤ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠬᠠᠮᠢᠶ᠎ᠠ ᠪᠦᠭᠦᠢ ᠰᠠᠭᠤᠷᠢ ᠲᠥᠭᠦᠭᠡᠷᠥᠮᠵᠢ ᠶᠢ ᠪᠦᠷᠢᠨ ᠲᠦᠭᠦᠷᠵᠢᠭᠦᠯᠦᠨ᠂ ᠭᠤᠶᠣᠵᠢᠭᠤᠯᠤᠨ ᠨᠣᠭᠤᠭᠠᠷᠠᠭᠤᠯᠬᠤ ᠠᠵᠢᠯ ᠢ ᠠᠬᠢᠭᠤᠯᠵᠤ᠂ ᠬᠠᠮᠢᠶᠠᠷᠤᠯᠲᠠ ᠶᠢ ᠴᠢᠩᠭᠠᠳᠬᠠᠨ᠂ ᠣᠯᠠᠨ ᠲᠦᠮᠡᠨ ᠡᠭᠦᠳᠡ ᠪᠠᠨ ᠨᠡᠭᠡᠭᠡᠪᠡᠯ ᠨᠤᠭᠤᠭᠠᠨ ᠥᠩᠭᠡ ᠶᠢ ᠦᠵᠡᠵᠦ᠂ ᠴᠣᠩᠬᠤ ᠪᠠᠨ ᠤᠩᠭᠤᠶᠢᠯᠭᠠᠪᠠᠯ ᠦᠵᠡᠮᠵᠢ ᠶᠢ ᠰᠤᠨᠢᠷᠬᠠᠵᠦ᠂ ᠭᠡᠷ  ᠠᠴᠠ ᠭᠠᠷᠪᠠᠯ ᠴᠡᠴᠡᠷᠯᠢᠭ ᠢᠶᠠᠷ ᠲᠤᠭᠤᠷᠢᠨ ᠵᠣᠭᠠᠯᠠᠬᠤ ᠶᠢ  ᠪᠡᠶᠡᠯᠡᠬᠦᠯᠬᠦ ᠬᠡᠷᠡᠭᠲᠡᠢ᠃ ᠮᠤᠬᠤᠷ ᠵᠠᠮ ᠢ ᠦᠭᠡᠷᠡᠴᠢᠯᠡᠬᠦ ᠳᠤ ᠤᠰᠤ᠂ ᠳᠤᠯᠠᠭᠠᠯᠠᠭ᠎ᠠ᠂ ᠪᠠᠶᠢᠭᠠᠯᠢ ᠶᠢᠨ ᠰᠢᠳᠠᠮᠠᠬᠠᠢ ᠬᠡᠢ ᠵᠡᠷᠭᠡ ᠲᠣᠣᠷ ᠬᠤᠭᠤᠯᠠᠢ ᠶᠢᠨ ᠰᠢᠰᠲ᠋ᠧᠮ ᠢ ᠪᠦᠲᠦᠭᠡᠨ  ᠪᠠᠶᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠰᠢᠰᠲ᠋ᠧᠮ ᠲᠠᠢ ᠪᠠᠷ ᠠᠷᠭ᠎ᠠ ᠰᠦᠪᠡᠭᠴᠢᠯᠡᠵᠦ᠂ ᠨᠢᠭᠡ ᠴᠣᠭᠴᠠᠵᠢᠭᠤᠯᠤᠨ ᠲᠥᠪᠯᠡᠷᠡᠭᠦᠯᠦᠨ ᠬᠢᠵᠦ᠂ ᠬᠠᠮᠢᠶᠠᠷᠤᠯᠲᠠ ᠪᠠᠨ ᠴᠢᠩᠭᠠᠳᠬᠠᠨ᠂ ᠰᠠᠨᠠᠭ᠎ᠠ ᠠᠮᠤᠷ ᠢᠨᠵᠧᠨᠧᠷᠢᠩ᠂ ᠰᠣᠳᠣᠨ ᠢᠨᠵᠧᠨᠧᠷᠢᠩ᠂ ᠬᠠᠨᠤᠮᠵᠢᠲᠠᠶ ᠢᠨᠵᠧᠨᠧᠷᠢᠩ  ᠪᠣᠯᠭᠠᠨ  ᠪᠦᠳᠦᠭᠡᠨ ᠪᠠᠶᠢᠭᠤᠯᠬᠤ ᠪᠠᠷ ᠴᠢᠷᠮᠠᠶᠢᠬᠤ  ᠬᠡᠷᠡᠭᠲᠡᠢ ᠭᠡᠵᠡᠢ᠃
2.jpg
    ᠬᠤᠸᠠᠩ ᠶᠠ ᠯᠢ ᠪᠠᠰᠠ ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠦᠢᠯᠡᠴᠢᠯᠡᠭᠡᠨ ᠤ ᠦᠢᠯᠡᠰ ᠢ ᠳᠦᠯᠦᠪᠵᠢᠬᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠦ᠂ ᠲᠥᠯᠦᠪᠵᠢᠭᠦᠯᠭᠡ ᠶᠢᠨ ᠰᠢᠨᠵᠢᠯᠡᠬᠦ ᠤᠬᠠᠭᠠᠨᠴᠢ ᠴᠢᠨᠠᠷ ᠪᠣᠯᠣᠨ ᠪᠣᠯᠣᠮᠵᠢᠲᠤ ᠴᠢᠨᠠᠷ ᠢ ᠴᠢᠬᠤᠯᠠᠴᠢᠯᠠᠵᠤ᠂ ᠣᠳᠣᠬᠠᠨ ᠤ ᠪᠠ ᠠᠯᠤᠰ ᠬᠡᠳᠦ ᠶᠢᠨ᠂ ᠦᠢᠯᠡᠳᠪᠦᠷᠢᠯᠡᠯ ᠪᠠ ᠠᠮᠢᠳᠤᠷᠠᠯ᠂ ᠬᠦᠴᠦᠨ ᠵᠦᠢᠯ ᠤᠨ ᠪᠠᠲᠤᠯᠠᠭ᠎ᠠ ᠪᠣᠯᠣᠨ ᠲᠥᠬᠦᠭᠡᠷᠦᠮᠵᠢ ᠶᠢᠨ ᠢᠵᠢ ᠪᠦᠷᠢᠳᠦᠯ ᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠵᠣᠬᠢᠰᠲᠠᠢ ᠭᠠᠵᠠᠷ ᠰᠣᠩᠭᠤᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠵᠤ ᠠᠬᠤᠶᠢᠯᠠᠯ ᠤᠨ ᠠᠯᠤᠰ ᠬᠡᠳᠦ ᠶᠢᠨ ᠬᠥᠭᠵᠢᠯᠲᠡ ᠶᠢᠨ ᠬᠡᠷᠡᠭᠴᠡᠭᠡ ᠶᠢ ᠦᠨᠡᠨᠬᠦ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃     ᠠᠶᠢᠮᠠᠭ ᠤᠨ ᠤᠳᠤᠷᠢᠳᠤᠯᠭ᠎ᠠ ᠯᠢᠦ ᡁᠢ ᠴᠢᠶᠠᠩ᠂ ᠯᠢᠦ ᠴᠥᠩ ᠰᠢᠶᠣᠣ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号