ᠮᠠᠨ ᠤ ᠤᠯᠤᠰ ᠤᠨ ᠠᠩᠬᠠᠳᠠᠭᠴᠢ ᠮᠡᠷᠭᠡᠵᠢᠯ ᠤᠨ ᠴᠣᠯᠠ ᠬᠢᠨᠠᠨ ᠲᠤᠭᠳᠠᠭᠠᠬᠤ ᠠᠵᠢᠯ ᠤᠨ ᠬᠢᠨᠠᠯᠳᠠ ᠬᠠᠮᠢᠶᠠᠷᠤᠯᠳᠠ ᠶᠢᠨ ᠠᠷᠭ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/8/23
    ᠮᠡᠷᠭᠡᠵᠢᠯ ᠤᠨ ᠴᠣᠯᠠ ᠬᠢᠨᠠᠨ ᠲᠤᠭᠳᠠᠭᠠᠬᠤ ᠲᠡᠰ ᠲᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠶᠢᠨ ᠲᠥᠯᠥᠭᠡ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠣᠶᠢᠷ᠎ᠠ ᠳᠤ ︽ᠮᠡᠷᠭᠡᠵᠢᠯ ᠤᠨ ᠴᠣᠯᠠ ᠬᠢᠨᠠᠨ ᠲᠤᠭᠳᠠᠭᠠᠬᠤ ᠠᠵᠢᠯ ᠤᠨ ᠬᠢᠨᠠᠯᠳᠠ ᠬᠠᠮᠢᠶᠠᠷᠤᠯᠳᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠨᠡᠶᠢᠲᠡᠯᠡᠪᠡ᠃ ᠣᠶᠢᠯᠠᠭᠠᠭᠰᠠᠨ ᠢᠶᠠᠷ᠂ ᠡᠨᠡ ᠪᠣᠯ ᠤᠯᠤᠰ ᠤᠨ ᠲᠠᠰ ᠳᠠᠪᠬᠤᠷᠭ᠎ᠠ ᠠᠴᠠ ᠨᠡᠶᠢᠲᠡᠯᠡᠭᠰᠡᠨ ᠠᠩᠬᠠᠳᠠᠭᠴᠢ ᠮᠡᠷᠭᠡᠵᠢᠯ ᠤᠨ ᠴᠣᠯᠠ ᠬᠢᠨᠠᠨ ᠲᠤᠭᠳᠠᠭᠠᠬᠤ ᠠᠵᠢᠯ ᠤᠨ ᠬᠢᠨᠠᠯᠳᠠ ᠬᠠᠮᠢᠶᠠᠷᠤᠯᠳᠠ ᠶᠢᠨ ᠪᠢᠴᠢᠭ ᠮᠠᠲ᠋ᠧᠷᠢᠶᠠᠯ ᠪᠣᠯᠤᠨ᠎ᠠ᠂ ᠡᠨᠡ ᠨᠢ ᠮᠡᠷᠭᠡᠵᠢᠯ ᠤᠨ ᠴᠣᠯᠠ ᠬᠢᠨᠠᠨ ᠲᠤᠭᠳᠠᠭᠠᠬᠤ ᠶᠠᠰᠤ ᠴᠢᠨᠠᠷ ᠢ ᠳᠡᠭᠡᠭᠰᠢᠯᠡᠭᠦᠯᠬᠦ᠂ ᠡᠷᠬᠡ ᠲᠡᠭᠰᠢ ᠲᠥᠪ ᠭᠤᠤᠯᠴᠢ ᠶᠢ ᠠᠬᠢᠭᠤᠯᠬᠤ ᠳᠤ ᠠᠰᠢᠭᠲᠠᠶ ᠶᠤᠮ᠃    ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠲᠤᠰᠬᠠᠶ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ ᠶᠢᠨ ᠵᠤᠷᠭᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ᠂ ᠡᠨᠡ ᠬᠦ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠶᠠᠪᠤᠳᠠᠯ ᠪᠣᠯ ᠮᠡᠷᠭᠡᠵᠢᠯ ᠤᠨ ᠴᠣᠯᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠮᠥᠨ᠂ ︽ᠳᠥᠷᠪᠡ ᠶᠢ ᠡᠷᠬᠢᠮᠯᠡᠬᠦ ᠶᠢ ᠡᠪᠳᠡᠬᠦ︾᠂ ︽ᠰᠢᠨ᠎ᠡ ᠪᠠᠷᠢᠮᠵᠢᠶ᠎ᠠ ᠲᠣᠭᠲᠠᠭᠠᠬᠤ︾᠂ ᠡᠷᠬᠡ ᠶᠢ ᠳᠣᠷᠣᠭᠰᠢ ᠪᠠᠭᠤᠯᠭᠠᠵᠤ ᠬᠦᠯᠢᠶᠡᠰᠦᠯᠡᠯ ᠢ ᠰᠤᠯᠠᠷᠠᠭᠤᠯᠬᠤ ᠵᠡᠷᠭᠡ ᠲᠠᠯ᠎ᠠ ᠪᠠᠷ ᠢᠳᠡᠪᠬᠢᠲᠡᠶ ᠦᠷ᠎ᠡ ᠪᠦᠲᠦᠮᠵᠢ ᠤᠯᠬᠤ ᠶᠢᠨ ᠬᠠᠮᠲᠤ ᠂ ᠮᠡᠷᠭᠡᠵᠢᠯ ᠤᠨ ᠴᠣᠯᠠ ᠬᠢᠨᠠᠨ ᠲᠤᠭᠳᠠᠭᠠᠬᠤ ᠠᠵᠢᠯ ᠤᠨ ᠬᠢᠨᠠᠯᠳᠠ ᠬᠠᠮᠢᠶᠠᠷᠤᠯᠳᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠶᠠᠭᠠᠨ ᠳᠤᠨᠢ ᠬᠠᠶᠠᠬᠤ᠂ ᠬᠠᠶᠠᠭᠰᠠᠭᠠᠷ ᠰᠠᠮᠠᠭᠤᠷᠠᠬᠤ ᠠᠴᠠ ᠵᠠᠶᠢᠯᠠᠰᠭᠢᠵᠤ ᠲᠡᠶᠢᠯᠤᠨ᠎ᠠ ᠬᠡᠵᠤ ᠢᠯᠡᠳᠬᠡᠪᠡ᠃    ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠶᠠᠪᠤᠴᠠ ᠳᠠᠬᠢ ᠲᠤᠰᠬᠠᠯ ᠴᠢᠩᠭ᠎ᠠ᠂ ᠠᠮᠠᠷᠬᠠᠨ ᠡᠭᠦᠰᠭᠦ ᠣᠯᠠᠨ ᠡᠭᠦᠰᠭᠦ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠳᠤ ᠴᠢᠭᠯᠡᠭᠦᠯᠦᠨ᠂ ᠠᠷᠭ᠎ᠠ ᠳᠤ᠂ ᠭᠤᠶᠤᠴᠢᠯᠠᠨ ᠮᠡᠳᠡᠭᠦᠯᠦᠭᠴᠢ᠂ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ᠂ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠬᠠᠮᠢᠶ᠎ᠠ ᠪᠥᠬᠦᠶ ᠠᠵᠢᠯᠲᠠᠨ ᠵᠡᠷᠭᠡ 3 ᠲᠥᠷᠥᠯ ᠤᠨ ᠭᠤᠤᠯᠳᠠᠯᠭ᠎ᠠ ᠲᠠᠢ ᠬᠥᠮᠦᠰ ᠪᠠ ᠬᠢᠨᠠᠨ ᠲᠣᠭᠲᠠᠭᠠᠬᠤ ᠨᠢᠭᠡᠴᠢ᠂ ᠭᠤᠶᠤᠴᠢᠯᠠᠨ ᠮᠡᠳᠡᠭᠦᠯᠦᠭᠴᠢ ᠶᠢᠨ ᠪᠠᠶᠢᠭ᠎ᠠ ᠨᠢᠭᠡᠴᠢ ᠵᠡᠷᠭᠡ 2 ᠲᠥᠷᠥᠯ ᠤᠨ ᠭᠤᠤᠯᠳᠠᠯᠭ᠎ᠠ ᠲᠠᠢ ᠨᠢᠭᠡᠴᠢ ᠳᠤ ᠲᠥᠪᠯᠡᠷᠡᠭᠦᠯᠦᠨ᠂ ᠰᠤᠭᠤᠴᠢᠨ ᠪᠠᠶᠢᠴᠠᠭᠠᠬᠤ᠂ ᠲᠣᠭᠲᠠᠮᠠᠯ ᠬᠤᠭᠤᠴᠠᠭ᠎ᠠ ᠲᠠᠢ ᠲᠣᠭᠤᠷᠢᠨ ᠪᠠᠶᠢᠴᠠᠭᠠᠬᠤ᠂ ᠭᠤᠤᠯᠳᠠᠯᠭ᠎ᠠ ᠲᠠᠢ ᠱᠠᠯᠠᠪᠳᠠᠭᠤᠯᠤᠨ ᠪᠠᠶᠢᠴᠠᠭᠠᠬᠤ᠂ ᠶᠠᠰᠤ ᠴᠢᠨᠠᠷ ᠢ ᠦᠨᠡᠯᠡᠨ ᠵᠢᠱᠢᠬᠦ᠂ ᠲᠤᠰᠬᠠᠶ ᠴᠡᠭᠴᠡᠯᠡᠨ ᠵᠠᠰᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠬᠢᠨᠠᠨ ᠬᠠᠮᠢᠶᠠᠷᠬᠤ᠂ ᠨᠢᠭᠡᠴᠢ ︵ᠠᠵᠢᠯ ᠲᠥᠷᠥᠯ︶ ᠶᠢᠨ ᠬᠢᠨ ᠥᠪᠡᠷ ᠢ ᠪᠠᠨ ᠱᠠᠭᠠᠷᠳᠠᠬᠤ᠂ ᠨᠡᠶᠢᠭᠡᠮ ᠠᠴᠠ ᠬᠢᠨᠠᠯᠲᠠ ᠲᠠᠯᠪᠢᠬᠤ ᠮᠡᠷᠭᠡᠵᠢᠯ ᠤᠨ ᠴᠣᠯᠠ ᠬᠢᠨᠠᠨ ᠲᠤᠭᠳᠠᠭᠠᠬᠤ ᠠᠵᠢᠯ ᠤᠨ ᠬᠢᠨᠠᠯᠳᠠ ᠬᠠᠮᠢᠶᠠᠷᠤᠯᠳᠠ ᠶᠢᠨ ᠰᠢᠰᠲ᠋ᠧᠮ ᠢ ᠪᠠᠶᠢᠭᠤᠯᠤᠨ᠎ᠠ ᠬᠡᠵᠤ ᠳᠤᠳᠤᠷᠬᠠᠶᠢᠯᠠᠪᠠ᠃    ᠠᠷᠭ᠎ᠠ ᠳᠤ᠂ ᠬᠤᠪᠢ ᠬᠥᠮᠦᠨ ᠤ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠢᠲᠡᠭᠡᠮᠵᠢ ᠶᠢᠨ ᠬᠠᠮᠢᠶᠠᠷᠤᠯᠲᠠ ᠶᠠᠪᠤᠭᠤᠯᠵᠤ᠂ ᠮᠡᠷᠭᠡᠵᠢᠯ ᠤᠨ ᠴᠣᠯᠠ ᠬᠢᠨᠠᠨ ᠲᠤᠭᠳᠠᠭᠠᠬᠤ ᠶᠠᠪᠤᠴᠠ ᠳᠠᠬᠢ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢ ᠮᠡᠷᠭᠡᠵᠢᠯ ᠤᠨ ᠴᠣᠯᠠ ᠬᠢᠨᠠᠨ ᠲᠤᠭᠳᠠᠭᠠᠬᠤ ᠳᠤ ᠭᠤᠶᠤᠴᠢᠯᠠᠨ ᠮᠡᠳᠡᠭᠦᠯᠬᠦ ᠪᠤᠶᠤ ᠮᠡᠷᠭᠡᠵᠢᠯ ᠤᠨ ᠴᠣᠯᠠ ᠬᠢᠨᠠᠨ ᠲᠤᠭᠳᠠᠭᠠᠬᠤ ᠳᠤ ᠣᠷᠣᠯᠴᠠᠬᠤ ᠠᠵᠢᠯ ᠤᠨ ᠴᠢᠬᠤᠯᠠ ᠯᠠᠪᠯᠠᠯᠲᠠ ᠪᠣᠯᠭᠠᠵᠤ᠂ ᠬᠦᠨᠳᠦ ᠨᠣᠴᠢᠲᠠᠶ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢ ᠮᠡᠷᠭᠡᠵᠢᠯ ᠤᠨ ᠴᠣᠯᠠ ᠬᠢᠨᠠᠨ ᠲᠤᠭᠳᠠᠭᠠᠬᠤ ᠳᠤ ᠭᠤᠶᠤᠴᠢᠯᠠᠨ ᠮᠡᠳᠡᠭᠦᠯᠬᠦ ᠢᠲᠡᠭᠡᠮᠵᠢ ᠠᠯᠳᠠᠭᠰᠠᠳ ᠤᠨ ᠨᠡᠷ᠎ᠡ ᠶᠢᠨ ᠬᠠᠷ᠎ᠠ ᠲᠠᠩᠰᠠᠨ ᠳᠤ ᠣᠷᠣᠭᠤᠯᠬᠤ ᠶᠢᠨ ᠬᠠᠮᠲᠤ ᠬᠠᠤᠯᠢ ᠶᠣᠰᠣᠭᠠᠷ ᠢᠲᠡᠭᠡᠮᠵᠢ ᠠᠯᠳᠠᠭᠰᠠᠳ ᠢ ᠵᠠᠯᠬᠠᠭᠠᠨ ᠰᠢᠢᠳᠭᠡᠨ᠎ᠡ᠃ ᠨᠢᠭᠡᠴᠢ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠭᠤᠤᠯᠳᠠᠭᠤ ᠰᠠᠨᠠᠭᠤᠯᠬᠤ᠂ ᠪᠣᠯᠵᠣᠨ ᠶᠠᠷᠢᠯᠴᠠᠬᠤ᠂ ᠬᠢᠨᠠᠨ ᠲᠣᠭᠲᠠᠭᠠᠬᠤ ᠶᠢ ᠲᠦᠷ ᠵᠣᠭᠰᠣᠭᠠᠬᠤ᠂ ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ᠂ ᠵᠠᠷᠯᠠᠨ ᠰᠢᠭᠦᠮᠵᠢᠯᠡᠬᠦ᠂ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠡᠷᠬᠡ ᠶᠢᠨ ᠬᠢᠵᠠᠭᠠᠷ ᠢ ᠬᠤᠷᠢᠶᠠᠨ ᠠᠪᠬᠤ ᠵᠡᠷᠭᠡ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠬᠢᠨᠠᠨ ᠲᠣᠭᠲᠠᠭᠠᠬᠤ ᠨᠢᠭᠡᠴᠢ ᠶᠢᠨ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ ᠬᠡᠵᠤ ᠲᠤᠷᠠᠳᠪᠠ᠃    ᠠᠷᠭ᠎ᠠ ᠳᠤ ᠬᠤᠯᠪᠣᠭᠳᠠᠯ ᠪᠥᠬᠦᠶ ᠠᠵᠢᠯ ᠲᠥᠷᠥᠯ ᠤᠨ ᠨᠡᠶᠢᠭᠡᠮᠯᠢᠭ ᠡᠷᠳᠡᠮ ᠰᠢᠨᠵᠢᠯᠡᠬᠡᠨ ᠤ ᠨᠡᠶᠢᠭᠡᠮᠯᠢᠭ ᠵᠡᠷᠭᠡ ᠨᠡᠶᠢᠭᠡᠮᠴᠢᠯᠡᠭᠰᠡᠨ ᠬᠢᠨᠠᠨ ᠲᠤᠭᠳᠠᠭᠠᠬᠤ ᠪᠠᠶᠢᠭᠤᠯᠤᠮᠵᠢ ᠶᠢ ᠴᠤ ᠬᠢᠨᠠᠨ ᠬᠠᠮᠢᠶᠠᠷᠬᠤ ᠡᠲᠡᠭᠡᠳ ᠲᠤ ᠣᠷᠣᠭᠤᠯᠪᠠ᠃ ᠮᠡᠷᠭᠡᠵᠢᠯ ᠤᠨ ᠴᠣᠯᠠ ᠬᠢᠨᠠᠨ ᠲᠤᠭᠳᠠᠭᠠᠬᠤ ᠯᠤᠭ᠎ᠠ ᠬᠤᠯᠪᠣᠭᠳᠠᠯ ᠥᠬᠡᠶ ᠵᠠᠭᠤᠴᠢ ᠵᠡᠷᠭᠡ ᠪᠤᠰᠤᠳ ᠨᠡᠶᠢᠭᠡᠮ ᠤᠨ ᠪᠠᠶᠢᠭᠤᠯᠤᠮᠵᠢ ᠶᠢᠨ ᠬᠢᠨ ᠤ ᠮᠡᠷᠭᠡᠵᠢᠯ ᠤᠨ ᠴᠣᠯᠠ ᠬᠢᠨᠠᠨ ᠲᠤᠭᠳᠠᠭᠠᠬᠤ ᠨᠡᠷ᠎ᠡ ᠪᠠᠷ ᠥᠷᠨᠢᠭᠦᠯᠦᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠡᠯ᠎ᠡ ᠭᠠᠵᠠᠷ ᠤᠨ ᠮᠡᠷᠭᠡᠵᠢᠯ ᠤᠨ ᠴᠣᠯᠠ ᠬᠢᠨᠠᠨ ᠲᠤᠭᠳᠠᠭᠠᠬᠤ ᠣᠷᠴᠢᠨ ᠲᠣᠭᠤᠷᠢᠨ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠭᠤᠤᠯᠳᠠᠯᠭ᠎ᠠ ᠲᠠᠢ ᠠᠭᠤᠯᠭ᠎ᠠ ᠪᠣᠯᠭᠠᠵᠤ᠂ ᠣᠷᠣᠨ ᠨᠤᠲᠤᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠦᠯᠵᠢᠶᠡᠨ ᠤ ᠮᠡᠳᠡᠭᠡ ᠵᠠᠩᠭᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠲᠡᠭᠦᠨ ᠢ ᠬᠠᠤᠯᠢ ᠶᠣᠰᠣᠭᠠᠷ ᠰᠢᠢᠳᠭᠡᠨ ᠲᠣᠷᠭᠠᠬᠤ ᠬᠡᠷᠡᠭᠲᠡᠶ ᠭᠡᠵᠦ ᠠᠷᠭ᠎ᠠ ᠳᠤ ᠱᠠᠭᠠᠷᠳᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号