ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠤᠯᠤᠨ ᠪᠥᠬᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ
ᠨᠡᠶᠢᠲᠡᠯᠡᠭᠰᠡᠨ ᠴᠠᠭ᠄
2024/8/23
   8 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠤᠨ ᠪᠦᠬᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠢ ᠬᠤᠷᠰᠢᠶ᠎ᠠ ᠬᠥᠬᠡᠬᠤᠲᠠ ᠳᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ᠂ ᠪᠥᠬᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠡᠷᠬᠢᠯᠡᠭᠴᠢᠳ ᠤᠨ ᠬᠤᠷᠠᠯ ᠤᠨ ᠳᠡᠳ᠋ ᠡᠷᠬᠢᠯᠡᠭᠴᠢ ᠬᠠᠨ ᠯᠢ ᠫᠢᠩ ᠭᠠᠷ ᠤᠨ ᠥᠰᠥᠭ ᠵᠢᠷᠤᠬᠤ ᠶᠢ ᠭᠡᠷᠡᠴᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠠᠩ ᠶᠢᠨ ᠪᠣᠯᠤᠨ ᠪᠥᠬᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠬᠤᠷᠠᠯ ᠤᠨ ᠳᠡᠳ᠋ ᠡᠷᠬᠢᠯᠡᠭᠴᠢ ᠵᠠᠩ ᠮᠧᠶ ᠯᠢᠨ ᠬᠤᠶᠠᠷ ᠲᠠᠯ᠎ᠠ ᠶᠢ ᠲᠥᠯᠥᠭᠡᠯᠡᠨ ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ᠃   ᠵᠥᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠬᠠᠮᠲᠤ ᠪᠠᠷ ᠠᠬᠢᠭᠤᠯᠵᠤ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠬᠤᠷᠰᠢᠶ᠎ᠠ ᠶᠢᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ᠂ ᠴᠢᠳᠠᠪᠤᠷᠢᠲᠠᠨ ᠤ ᠡᠩᠨᠡᠭᠡ ᠶᠢᠨ ᠬᠥᠭᠵᠢᠯᠲᠡ ᠶᠢ ᠠᠬᠢᠭᠤᠯᠵᠤ᠂ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠲᠤᠤᠷ᠂ ᠰᠢᠶᠠᠨ ᠤ ᠬᠡᠪᠴᠢᠶᠡᠨ ᠤ ᠭᠦᠢᠯᠭᠡᠭᠡᠨ ᠤ ᠦᠢᠯᠡᠴᠢᠯᠡᠭᠡᠨ ᠤ ᠲᠤᠤᠷ ᠢ ᠲᠡᠭᠦᠯᠳᠡᠷᠵᠢᠭᠦᠯᠵᠦ᠂ ᠮᠠᠯ ᠠᠵᠤ ᠠᠬᠤᠶ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ᠂ ᠳᠠᠬᠢᠯᠲᠠ ᠡᠬᠢ ᠪᠠᠶᠠᠯᠢᠭ ᠢ ᠬᠤᠷᠢᠶᠠᠨ ᠠᠪᠴᠤ ᠠᠰᠢᠭᠯᠠᠬᠤ ᠳᠤ ᠬᠦᠴᠦᠨ ᠢᠶᠠᠨ ᠲᠥᠪᠯᠡᠷᠡᠭᠦᠯᠵᠦ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠦᠢᠯᠡᠴᠢᠯᠡᠬᠦ ᠶᠡᠷᠦᠩᠬᠡᠶᠢᠯᠡᠭᠰᠡᠨ ᠲᠠᠪᠴᠠᠩ᠂ ᠨᠠᠮ ᠪᠣᠯᠤᠨ ᠵᠠᠰᠠᠭ ᠤᠨ ᠣᠷᠳᠣᠨ ᠤ ᠮᠠᠯᠴᠢᠨ ᠲᠠᠷᠢᠶᠠᠴᠢᠨ ᠣᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢ ᠪᠠᠶᠢᠭᠤᠯᠬᠤ ᠪᠤᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号