ᠪᠠᠷᠠᠭᠤᠨ ᠪᠡᠯ ᠪᠠᠯᠭᠠᠰᠤ ᠠᠷᠠᠳ ᠣᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠠᠰᠤᠷᠠᠯᠲᠠ ᠦᠭᠡᠢ ᠳᠡᠭᠡᠭᠰᠢᠯᠡᠬᠦᠯᠵᠣ ᠪᠠᠶᠢᠨ᠎ᠠ
ᠨᠡᠶᠢᠲᠡᠯᠡᠭᠰᠡᠨ ᠴᠠᠭ᠄
2024/8/26
    ᠣᠶᠢᠷ᠎ᠠ ᠶᠢᠨ ᠵᠢᠯ ᠳᠤ᠂ ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤ ᠦᠵᠡᠰᠭᠦᠯᠡᠩᠳᠣ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠨ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠦᠷᠨᠢᠬᠦᠯᠵᠣ᠂ ᠡᠯ᠎ᠡ ᠲᠦᠷᠦᠯ ᠤᠨ ᠨᠡᠶᠢᠭᠡᠮ ᠤᠨ ᠪᠠᠲᠤᠯᠠᠭ᠎ᠠ ᠶᠢ ᠪᠦᠷᠢᠨᠰᠢᠬᠦᠯᠬᠦ ᠪᠠᠷ ᠳᠠᠮᠵᠢᠨ ᠮᠠᠯᠴᠢᠨ ᠲᠠᠷᠢᠶᠠᠴᠢᠨ ᠤ ᠵᠣᠯ ᠵᠢᠷᠭᠠᠯ ᠤᠨ ᠳᠦᠷᠦᠭᠳᠡᠯ᠂ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠳᠦᠷᠦᠭᠳᠡᠯ ᠢ ᠴᠢᠷᠮᠠᠶᠢᠨ ᠳᠡᠭᠡᠭᠰᠢᠯᠡᠬᠦᠯᠵᠣ ᠪᠠᠶᠢᠨ᠎ᠠ᠃    ᠨᠠᠮᠤᠷ ᠤᠨ ᠡᠬᠢ ᠪᠠᠷ᠂ ᠰᠤᠷᠪᠤᠯᠵᠢᠯᠠᠭᠴᠢ ᠪᠠᠷᠠᠭᠤᠨ ᠪᠡᠯ ᠪᠠᠯᠭᠠᠰᠤᠨ ᠳᠤ ᠬᠦᠷᠬᠦ ᠳᠤ᠂ ᠦᠷᠭᠡᠨ ᠳᠠᠷᠳᠠᠩ ᠴᠠᠷᠳᠠᠮᠠᠯ ᠵᠠᠮ ᠤᠨ ᠬᠤᠶᠠᠷ ᠳᠠᠯ᠎ᠠ ᠪᠠᠷ ᠮᠣᠳᠣᠳ ᠬᠥᠬᠡᠷᠡᠨ ᠨᠣᠭᠤᠭᠠᠷᠠᠵᠣ᠂ ᠵᠢᠵᠢᠭ ᠠᠰᠠᠷ ᠤᠳ ᠵᠢᠭᠳᠡᠷᠡᠨ᠂ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠵᠢᠷᠤᠭ ᠢ ᠳᠡᠯᠭᠡᠭᠰᠡᠨ ᠪᠠᠶᠢᠯ᠎ᠠ᠃ ᠸᠠᠩ ᠬᠤᠩ ᠯᠢᠨ ᠪᠣᠯ ᠪᠠᠷᠠᠭᠤᠨ ᠪᠠᠯ ᠪᠠᠯᠭᠠᠰᠣᠨ ᠤ ᠠᠯᠲᠠᠨᠲᠠᠯ᠎ᠠ ᠭᠠᠴᠠᠭᠠᠨ ᠤ ᠨᠢᠭᠡᠨ ᠲᠠᠷᠢᠶᠠᠴᠢᠨ ᠶᠤᠮ᠃ ᠳᠡᠷᠡᠪᠡᠷ ᠥᠪᠡᠷ ᠤᠨ ᠴᠢᠷᠮᠠᠶᠢᠯᠭ᠎ᠠ ᠪᠠᠷ ᠢᠶᠠᠨ ᠲᠠᠷᠢᠶᠠᠯᠠᠩ ᠤᠨ ᠮᠠᠰᠢᠨᠴᠢᠯᠠᠯᠲᠠ ᠶᠢᠨ ᠦᠢᠯᠡᠴᠢᠯᠡᠭᠡ ᠪᠣᠯᠣᠨ ᠵᠢᠵᠢᠭ ᠲᠠᠷᠢᠮᠠᠯ ᠤᠨ ᠦᠢᠯᠡᠰ ᠢ ᠬᠥᠭᠵᠢᠭᠦᠯᠬᠦ ᠳᠤ ᠲᠦᠰᠢᠭᠯᠡᠨ ᠪᠠᠶᠠᠵᠢᠯ ᠤᠨ ᠵᠠᠮ ᠢᠶᠠᠨ ᠡᠯᠬᠦᠭᠰᠡᠨ ᠶᠤᠮ᠃ 2023 ᠣᠨ ᠳᠤ᠂ ᠸᠠᠩ ᠬᠤᠩ ᠯᠢᠨ ᠬᠠᠭᠤᠴᠢᠨ ᠭᠡᠷ ᠢᠶᠠᠨ ᠨᠣᠷᠠᠭᠠᠨ᠂ ᠨᠣᠭᠤᠭ᠎ᠠ ᠶᠢᠨ ᠬᠦᠷᠢᠶᠡᠯᠡᠩ ᠲᠠᠢ ᠵᠢᠵᠢᠭ ᠠᠰᠠᠷ ᠢ ᠰᠢᠨ᠎ᠡ ᠪᠠᠷ ᠪᠠᠷᠢᠵᠤ᠂ ᠠᠮᠢᠳᠤᠷᠠᠯ ᠢᠶᠠᠨ ᠨᠡᠩ ᠦᠭᠡᠳᠡ ᠨᠢ ᠳᠠᠳᠠᠵᠣ ᠦᠩᠭᠡᠯᠢᠭ ᠰᠠᠶᠢᠬᠠᠨ ᠪᠣᠯᠭᠠᠵᠣ ᠪᠢᠯᠡ᠃ ︽ᠣᠳᠣ ᠶᠢᠨ ᠠᠮᠢᠳᠤᠷᠠᠯ ᠦᠨᠡᠬᠡᠷ ᠵᠣᠯ ᠵᠢᠷᠭᠠᠯ ᠲᠠᠢ ᠪᠠᠶᠢᠨ᠎ᠠ᠂ ᠥᠪᠡᠷ ᠤᠨ ᠴᠢᠷᠮᠠᠶᠢᠯᠭ᠎ᠠ ᠪᠠ ᠭᠠᠴᠠᠭᠠᠨ ᠤ ᠤᠳᠤᠷᠢᠳᠤᠯᠭ᠎ᠠ᠂ ᠪᠠᠯᠭᠠᠰᠤᠨ ᠤ ᠤᠳᠤᠷᠢᠳᠤᠯᠭ᠎ᠠ ᠶᠢᠨ ᠬᠠᠪᠰᠤᠷᠤᠯᠭ᠎ᠠ ᠠᠴᠠ ᠰᠠᠯᠵᠤ ᠴᠢᠳᠠᠬᠤ ᠦᠭᠡᠢ︾ ᠭᠡᠵᠣ ᠸᠠᠩ ᠬᠤᠩ ᠯᠢᠨ ᠶᠠᠷᠢᠨ᠎ᠠ᠃    ᠣᠶᠢᠷ᠎ᠠ ᠶᠢᠨ ᠵᠢᠯ ᠳᠤ᠂ ᠪᠠᠷᠠᠭᠤᠨ ᠪᠡᠯ ᠪᠠᠯᠭᠠᠰᠤ ᠶᠢᠨ ᠬᠢᠨ ᠬᠥᠳᠡᠭᠡ ᠲᠣᠰᠬᠤᠨ ᠤ ᠭᠡᠷ ᠪᠠᠶᠢᠰᠢᠩ ᠢ ᠰᠠᠶᠢᠵᠢᠷᠠᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠴᠢᠬᠤᠯᠠ ᠭᠠᠷᠳᠠᠴᠠ ᠪᠣᠯᠭᠠᠵᠤ᠂ ᠮᠠᠯᠴᠢᠨ ᠲᠠᠷᠢᠶᠠᠴᠢᠨ ᠢ ᠢᠳᠡᠪᠬᠢᠲᠡᠢ ᠲᠠᠶᠢᠴᠢᠯᠠᠨ ᠭᠡᠷ ᠪᠠᠶᠢᠰᠢᠩ ᠤᠨ ᠠᠷᠤ ᠥᠪᠥᠷ ᠢ ᠨᠣᠭᠤᠭᠠᠷᠠᠭᠤᠯᠣᠨ᠂ ᠡᠷᠤᠭᠡ ᠶᠢᠨ ᠪᠠᠶᠢᠳᠠᠯ ᠳᠤᠨᠢ ᠲᠣᠬᠢᠷᠠᠭᠤᠯᠵᠤ᠂ ᠥᠪᠡᠷ ᠥᠪᠡᠷ ᠤᠨ ᠣᠨᠴᠠᠯᠢᠭ ᠲᠠᠢ ᠦᠵᠡᠰᠭᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢ ᠪᠠᠶᠢᠭᠤᠯᠵᠤ᠂ ᠪᠠᠭ᠎ᠠ ᠭᠡᠷ ᠪᠦᠯᠢ ᠶᠢᠨ ᠭᠤᠶᠤ ᠰᠠᠶᠢᠬᠠᠨ ᠢᠶᠠᠷ ᠬᠥᠳᠡᠭᠡ ᠲᠣᠰᠬᠤᠨ ᠤ ᠭᠤᠶᠤ ᠰᠠᠶᠢᠬᠠᠨ ᠢ ᠠᠮᠵᠢᠯᠲᠠ ᠲᠠᠢ ᠪᠢᠴᠢᠭᠯᠡᠵᠣ᠂ ᠨᠣᠭᠤᠭᠠᠨ ᠦᠩᠭᠡ ᠶᠢ ᠠᠯᠬᠤᠮ ᠠᠯᠬᠤᠮ ᠢᠶᠠᠷ ᠮᠠᠯᠴᠢᠨ ᠲᠠᠷᠢᠶᠠᠴᠢᠨ ᠤ ᠠᠮᠢᠳᠤᠷᠠᠯ ᠤᠨ ᠵᠣᠯ ᠵᠢᠷᠭᠠᠯᠲᠤ ᠰᠠᠭᠤᠷᠢ ᠥᠩᠭᠡ ᠪᠣᠯᠭᠠᠭᠰᠠᠨ ᠪᠠᠶᠢᠨ᠎ᠠ᠃ ᠡᠭᠦᠨ ᠤ ᠬᠠᠮᠲᠤ᠂ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠵᠢᠮ᠎ᠡ ᠶᠣᠰᠣ ᠶᠢ ᠵᠢᠷᠣᠮᠯᠠᠨ ᠠᠷᠠᠳ ᠤᠨ ᠰᠡᠳᠭᠢᠯ ᠳᠤ ᠨᠡᠶᠢᠴᠡᠭᠦᠯᠵᠦ᠂ ᠠᠵᠤ ᠦᠢᠯᠡᠰ ᠤᠨ ᠬᠥᠭᠵᠢᠯᠲᠡ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ᠂ ᠬᠥᠳᠡᠭᠡ ᠲᠣᠰᠬᠤᠨ ᠤ ᠪᠣᠯᠪᠠᠰᠤᠨ ᠵᠠᠩ ᠰᠤᠷᠲᠠᠯ ᠵᠡᠷᠭᠡ ᠣᠯᠠᠨ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠵᠠᠰᠠᠯᠲᠠ ᠶᠢᠨ ᠴᠢᠳᠠᠮᠵᠢ ᠪᠠᠨ ᠴᠢᠩᠭᠠᠳᠬᠠᠵᠤ᠂ ᠬᠥᠳᠡᠯᠭᠡᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠢᠵᠢᠷᠠᠯ ᠤᠨ ᠬᠦᠴᠦᠨ ᠢ ᠬᠥᠭᠵᠢᠭᠡᠨ᠂ ᠳᠣᠳᠣᠨ᠎ᠠ ᠭᠠᠳᠠᠨ᠎ᠠ ᠶᠢ ᠵᠡᠷᠭᠡᠪᠡᠷ ᠵᠠᠰᠠᠭᠰᠠᠨ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠢ ᠬᠦᠴᠦᠯᠡᠨ ᠪᠠᠶᠢᠭᠤᠯᠵᠤ᠂ ᠮᠠᠯᠴᠢᠨ ᠲᠠᠷᠢᠶᠠᠴᠢᠨ ᠢ ᠭᠤᠶᠤ ᠰᠠᠶᠢᠬᠠᠨ ᠭᠡᠷ ᠪᠠᠶᠢᠰᠢᠩ ᠳᠤ ᠰᠠᠭᠤᠯᠭᠠᠨ᠂ ᠰᠠᠶᠢᠨ ᠰᠠᠶᠢᠬᠠᠨ ᠠᠮᠢᠳᠤᠷᠠᠯ ᠲᠠᠢ ᠪᠣᠯᠭᠠᠬᠤ ᠪᠠᠷ ᠴᠢᠷᠮᠠᠶᠢᠭᠰᠠᠭᠠᠷ ᠢᠷᠡᠵᠡᠢ᠃    ᠪᠠᠷᠠᠭᠤᠨ ᠪᠡᠯ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠂ ᠪᠠᠯᠭᠠᠰᠤᠨ ᠤ ᠳᠡᠳ᠋ ᠳᠠᠷᠤᠭ᠎ᠠ ᠮᠢ ᠨᠥᠸᠧ ᠾᠧᠩ᠄ ︽ᠡᠩ ᠲᠡᠷᠢᠭᠦᠨ ᠳᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠵᠣᠷᠯᠣᠩ ᠤᠨ ᠬᠤᠪᠢᠰᠬᠠᠯ ᠢ ᠭᠦᠨᠵᠡᠭᠡᠢ ᠠᠬᠢᠭᠤᠯᠬᠤ᠂ ᠲᠦᠷᠪᠡᠨ ᠰᠠᠶᠢᠨ ᠬᠥᠳᠡᠭᠡ ᠲᠣᠰᠬᠤᠨ ᠤ ᠵᠠᠮ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠬᠦ᠂ ᠪᠣᠬᠢᠷ ᠤᠰᠤᠨ ᠤ ᠬᠤᠭᠤᠯᠠᠢ ᠲᠣᠣᠷ ᠢ ᠲᠡᠰ ᠳᠡᠪᠰᠢᠬᠦᠯᠣᠨ ᠥᠭᠡᠷᠡᠴᠢᠯᠡᠨ ᠪᠠᠶᠢᠭᠤᠯᠬᠤ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠶᠢ ᠥᠷᠭᠡᠳᠭᠡᠬᠦ ᠵᠡᠷᠭᠡ ᠲᠠᠯ᠎ᠠ ᠪᠠᠷ ᠬᠦᠴᠦᠯᠡᠨ ᠬᠢᠬᠦ ᠪᠣᠯᠣᠨ᠎ᠠ᠂ ᠡᠬᠦᠨ ᠠᠴᠠ ᠭᠠᠳᠠᠨ᠎ᠠ᠂ ᠮᠠᠨ ᠤ ᠪᠠᠯᠭᠠᠰᠤᠨ ᠤ ᠬᠢᠨ ᠰᠣᠶᠣᠯ ᠤᠨ ᠪᠠᠶᠢᠭᠤᠯᠤᠯᠲᠠ ᠶᠢᠨ ᠲᠠᠯ᠎ᠠ ᠪᠠᠷ ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠶᠢ ᠦᠷᠨᠢᠬᠦᠯᠵᠦ᠂ ᠮᠠᠯᠴᠢᠨ ᠳᠠᠷᠢᠶᠠᠴᠢᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠣᠭᠰᠠᠭᠠᠷ ᠢᠷᠡᠵᠡᠢ᠃ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠳᠤ᠂ ᠮᠠᠨ ᠤ ᠪᠠᠯᠭᠠᠰᠤᠨ ᠤ ᠣᠨᠴᠠᠯᠢᠭᠲᠤ ᠳᠠᠪᠠᠭᠤᠯᠢᠭ ᠠᠵᠤ ᠦᠢᠯᠡᠰ ᠲᠠᠢ ᠨᠢᠭᠲᠠ ᠤᠶᠠᠯᠳᠤᠭᠤᠯᠤᠨ᠂ ᠨᠢᠭᠡᠳᠦᠭᠡᠷ ᠠᠵᠤ ᠦᠢᠯᠡᠰ ᠢᠶᠠᠷ ᠬᠤᠶᠠᠳᠤᠭᠠᠷ ᠠᠵᠤ ᠦᠢᠯᠡᠰ ᠢ ᠳᠠᠶᠢᠴᠢᠯᠠᠨ ᠭᠤᠷᠪᠠᠳᠤᠭᠠᠷ ᠠᠵᠤ ᠦᠢᠯᠡᠰ ᠢ ᠠᠬᠢᠭᠤᠯᠬᠤ ᠬᠥᠭᠵᠢᠯᠲᠡ ᠶᠢᠨ ᠰᠡᠳᠭᠢᠮᠵᠢ ᠪᠠᠷ ︿ᠳᠠᠷᠢᠬᠤ + ᠲᠡᠵᠢᠭᠡᠨ ᠦᠷᠡᠵᠢᠭᠦᠯᠬᠦ﹀ ᠪᠣᠬᠢᠷᠲᠤᠯ ᠦᠭᠡᠢ ᠡᠷᠭᠢᠯᠲᠡᠲᠦ ᠬᠥᠭᠵᠢᠯᠲᠡ ᠶᠢᠨ ᠵᠠᠭᠪᠤᠷ ᠢ ᠪᠣᠶ ᠪᠣᠯᠭᠠᠵᠣ ᠪᠠᠶᠢᠨ᠎ᠠ︾ ᠭᠡᠪᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号