ᠠᠯᠠᠱᠠ ᠠᠶᠢᠮᠠᠭ ᠤᠨ ᠨᠡᠭᠦᠷᠡᠰᠦ ᠨᠥᠭᠡᠴᠡᠯᠡᠵᠦ ᠲᠣᠬᠢᠷᠠᠭᠤᠯᠬᠤ ᠠᠷᠠᠯᠵᠢᠶᠠᠨ ᠤ ᠰᠠᠭᠤᠷᠢᠨ ᠭᠠᠵᠠᠷ ᠤᠨ ᠲᠥᠷᠥᠯ ᠵᠦᠢᠯ ᠤᠨ ᠲᠥᠪᠯᠡᠷᠡᠭᠦᠯᠦᠨ ᠭᠠᠷ ᠤᠨ ᠥᠰᠥᠭ ᠵᠢᠷᠤᠬᠤ ᠶᠣᠰᠣᠯᠠᠯ ᠪᠠᠶᠠᠨᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/26
    ᠠᠯᠠᠱᠠ ᠨᠤᠳᠤᠭ ᠢ ᠵᠤᠷᠢᠵᠦ᠂ ᠢᠷᠡᠭᠡᠳᠦᠢ ᠳᠤ ᠬᠠᠮᠲᠤ ᠪᠠᠷ ᠠᠰᠢᠭ ᠬᠦᠷᠳᠡᠨ᠎ᠠ᠃ 8 ᠰᠠᠷ᠎ᠠ ᠶᠢᠨ 23 ᠤ ᠡᠳᠦᠷ᠂ ᠠᠯᠠᠱᠠ ᠠᠶᠢᠮᠠᠭ ᠤᠨ ᠨᠡᠭᠦᠷᠡᠰᠦ ᠨᠥᠭᠡᠴᠡᠯᠡᠵᠦ ᠲᠣᠬᠢᠷᠠᠭᠤᠯᠬᠤ ᠠᠷᠠᠯᠵᠢᠶᠠᠨ ᠤ ᠰᠠᠭᠤᠷᠢᠨ ᠭᠠᠵᠠᠷ ᠤᠨ ᠲᠥᠷᠥᠯ ᠵᠦᠢᠯ ᠤᠨ ᠲᠥᠪᠯᠡᠷᠡᠭᠦᠯᠦᠨ ᠭᠠᠷ ᠤᠨ ᠥᠰᠥᠭ ᠵᠢᠷᠤᠬᠤ ᠶᠣᠰᠣᠯᠠᠯ ᠪᠠᠶᠠᠨᠬᠤᠲᠠ ᠳᠤ ᠶᠠᠪᠤᠭᠳᠠᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠬᠤᠷᠠᠯ  ᠢ ᠡᠷᠭᠢᠯᠡᠪᠡ᠃
1.jpg
    ᠭᠡᠷ᠎ᠡ ᠲᠤᠭᠳᠠᠬᠤ ᠠᠬᠤᠢ ᠲᠠᠯᠠᠪᠠᠶ ᠳᠤ᠂ ᠠᠯᠠᠱᠠ ᠠᠶᠢᠮᠠᠭ ᠳᠤᠮᠳᠠᠳᠤ ᠤᠯᠤᠰ ᠤᠨ ᠨᠡᠭᠦᠷᠡᠰᠦᠨ ᠤ ᠡᠨᠧᠷᠭᠢ  ᠶᠢᠨ ᠪᠥᠯᠥᠭᠯᠡᠯ ᠤᠨ ᠥᠪᠥᠷ ᠮᠣᠩᠭᠤᠯ ᠤᠨ ᠡᠨᠧᠷᠭᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ᠂ ᠰᠢᠶᠠᠮᠧᠨ ᠤ ᠤᠯᠤᠰ ᠤᠨ ᠠᠷᠠᠯᠵᠢᠶᠠᠨ ᠤ ᠲᠡᠮᠦᠷᠯᠢᠭ ᠪᠣᠯᠪᠠᠰᠤᠷᠠᠭᠤᠯᠬᠤ ᠨᠡᠭᠦᠷᠡᠰᠦ ᠬᠡᠦᠷᠰᠢᠭᠦᠯᠭᠦ ᠬᠢᠵᠠᠭᠠᠷᠲᠤ ᠺᠣᠮᠫᠠᠨᠢ᠂ ᠠᠯᠠᠱᠠ ᠠᠶᠢᠮᠠᠭ ᠤᠨ ᠬᠤ᠋ ᠮᠧᠩ ᠡᠨᠧᠷᠭᠢ ᠶᠢᠨ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠭᠤᠸᠠᠩ ᠨᠠ ᠨᠡᠭᠦᠷᠡᠰᠦᠨ ᠤ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠢ ᠳ᠋ᠠ ᠽᠦᠩ ᠰᠲ᠋ᠣᠺ ᠡᠵᠡᠮᠳᠡᠬᠦ ᠬᠢᠵᠠᠭᠠᠷᠲᠤ ᠺᠣᠮᠫᠠᠨᠢ ᠵᠡᠷᠭᠡ 6 ᠠᠵᠤ ᠠᠬᠤᠶᠢᠯᠠᠯ ᠲᠠᠢ ᠣᠯᠠᠨᠪᠤᠯᠠᠭ ᠤᠨ 1000 ᠲᠦᠮᠡᠨ ᠲᠣᠨ ᠨᠡᠭᠦᠷᠡᠰᠦ ᠨᠥᠭᠡᠴᠡᠯᠡᠵᠦ ᠲᠣᠬᠢᠷᠠᠭᠤᠯᠬᠤ ᠰᠠᠭᠤᠷᠢᠨ ᠭᠠᠵᠠᠷ᠂ ᠣᠯᠠᠨᠪᠤᠯᠠᠭ ᠤᠨ 1000 ᠲᠦᠮᠡᠨ ᠲᠣᠨ ᠨᠡᠭᠦᠷᠡᠰᠦ ᠨᠥᠭᠡᠴᠡᠯᠡᠬᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠵᠢᠴᠢ ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ᠂ ᠪᠣᠭᠤᠮᠲᠠ ᠪᠠᠷ ᠭᠤᠤᠯ ᠪᠤᠯᠭᠠᠭᠰᠠᠨ ᠠᠵᠤ ᠠᠬᠤᠢ ᠶᠢᠨ ᠬᠢᠯᠢ ᠠᠯᠤᠰᠯᠠᠭᠰᠠᠨ ᠬᠠᠮᠲᠤᠷᠠᠯᠴᠠᠭ᠎ᠠ᠂ ᠣᠯᠠᠨᠪᠤᠯᠠᠭ ᠤᠨ 1000 ᠲᠦᠮᠡᠨ ᠲᠣᠨ ᠨᠡᠭᠦᠷᠡᠰᠦ ᠰᠢᠯᠢᠬᠦ ᠦᠢᠯᠡᠳᠪᠦᠷᠢ ᠵᠢᠴᠢ ᠬᠥᠮᠥᠷᠭᠡᠯᠡᠨ ᠨᠥᠭᠡᠴᠡᠯᠡᠭᠦ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠣᠯᠠᠨᠪᠤᠯᠠᠭ ᠤᠨ 300 ᠲᠦᠮᠡᠨ ᠲᠣᠨ ᠨᠡᠭᠦᠷᠡᠰᠦ ᠤᠬᠢᠶᠠᠨ ᠰᠢᠯᠢᠵᠦ ᠡᠳ᠋ᠰᠢᠭᠦᠯᠬᠦ ᠪᠠ ᠥᠯᠵᠡᠢ ᠪᠣᠭᠤᠮᠲᠠ ᠶᠢᠨ ᠣᠶᠤᠨᠲᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠵᠡᠷᠭᠡ 5 ᠲᠦᠷᠦᠯ ᠵᠦᠢᠯ ᠳᠤ ᠭᠡᠷ᠎ᠡ ᠲᠣᠭᠲᠠᠵᠠᠢ᠃ ᠲᠥᠷᠥᠯ ᠵᠦᠢᠯ ᠤᠨ ᠶᠡᠷᠦᠩᠬᠡᠢ ᠬᠡᠪᠴᠢᠶ᠎ᠡ ᠨᠢ 5800 ᠲᠦᠮᠡᠨ ᠲᠣᠨ ᠨᠡᠭᠦᠷᠡᠰᠦ᠂ 700 ᠲᠦᠮᠡᠨ ᠲᠣᠨ ᠬᠡᠦᠷᠰᠢᠭᠦᠯᠦᠭᠰᠡᠨ ᠨᠡᠭᠦᠷᠡᠰᠦ ᠨᠥᠭᠡᠴᠡᠯᠡᠠ᠂ ᠶᠡᠷᠦᠩᠬᠡᠢ ᠪᠡᠯᠡ ᠣᠷᠣᠭᠤᠯᠤᠯᠲᠠ ᠶᠢ 160.4 ᠳ᠋ᠦᠩᠰᠢᠭᠤᠷ ᠲᠥᠭᠦᠷᠢᠭ ᠲᠤ ᠬᠦᠷᠭᠡᠭᠦ ᠪᠤᠯᠤᠨ᠎ᠠ᠃    ᠡᠨᠡ ᠵᠢᠯ ᠠᠴᠠ ᠨᠠᠰᠢ᠂ ᠠᠯᠠᠱᠠ ᠠᠶᠢᠮᠠᠭ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠪᠣᠯᠣᠨ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠨᠡᠭᠦᠷᠡᠰᠦ ᠨᠥᠭᠡᠴᠡᠯᠡᠵᠦ ᠲᠣᠬᠢᠷᠠᠭᠤᠯᠬᠤ ᠠᠷᠠᠯᠵᠢᠶᠠᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠣᠭᠤᠷᠢᠨ ᠳᠤ᠂ ᠤᠷᠢᠳ ᠬᠤᠵᠢᠳ ᠲᠣᠰ ᠤᠳᠠᠭ᠎ᠠ ᠭᠡᠷ᠎ᠡ ᠲᠣᠭᠲᠠᠭᠰᠠᠨ 6 ᠠᠵᠤ ᠠᠬᠤᠶᠢᠯᠠᠯ ᠲᠠᠢ ᠬᠠᠮᠳᠤᠷᠠᠨ ᠠᠵᠢᠯᠯᠠᠬᠤ ᠰᠠᠨᠠᠯ ᠲᠤᠭᠳᠠᠭᠰᠠᠨ ᠪᠠᠶᠢᠨ᠎ᠠ᠃ ᠲᠣᠰ ᠤᠳᠠᠭᠠᠨ ᠤ ᠭᠡᠷ᠎ᠡ ᠲᠣᠭᠲᠠᠭᠰᠠᠨ ᠲᠥᠷᠥᠯ ᠵᠦᠢᠯ ᠨᠢ ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ᠂ ᠬᠥᠭᠵᠢᠯᠲᠡ ᠶᠢᠨ ᠪᠣᠳᠠᠲᠤ ᠪᠠᠶᠢᠳᠠᠯ ᠳᠤ ᠨᠡᠶᠢᠴᠡᠵᠦ᠂ ᠠᠯᠠᠱᠠ ᠠᠶᠢᠮᠠᠭ ᠤᠨ ᠨᠠᠷᠢᠯᠢᠭ ᠣᠨᠣᠪᠴᠢᠳᠠᠢ ᠪᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠳᠬᠤᠬᠤ᠂ ᠵᠠᠰᠠᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠬᠤ ᠶᠢᠨ ᠪᠣᠳᠠᠲᠠᠢ ᠢᠯᠡᠷᠡᠯ ᠮᠥᠨ᠂ ᠪᠥᠬᠦ ᠠᠶᠢᠮᠠᠭ ᠤᠨ ︽ᠲᠠᠪᠤᠨ ᠶᠡᠭᠡ ᠡᠭᠦᠷᠭᠡ︾ ᠶᠢ ᠨᠠᠩ ᠰᠠᠶᠢᠲᠤᠷ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠲᠤᠯᠭᠠᠭᠤᠷᠢᠯᠠᠯ ᠬᠠᠩᠭᠠᠵᠤ᠂ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠨᠢ ᠭᠠᠷᠴᠠᠭ᠎ᠠ ᠦᠭᠡᠢ᠃ 
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号