ᠶᠡᠷᠦᠩᠬᠡᠢ ᠪᠡᠯᠡ ᠣᠷᠣᠭᠤᠯᠤᠯᠲᠠ 160.4 ᠳ᠋ᠦᠩᠰᠢᠭᠤᠷ ᠲᠥᠭᠦᠷᠢᠭ ᠲᠤ ᠬᠦᠷᠴᠡᠢ ᠠᠯᠠᠱᠠ ᠠᠶᠢᠮᠠᠭ ᠤᠨ ᠨᠡᠭᠦᠷᠡᠰᠦ ᠨᠥᠭᠡᠴᠡᠯᠡᠵᠦ ᠲᠣᠬᠢᠷᠠᠭᠤᠯᠬᠤ ᠠᠷᠠᠯᠵᠢᠶᠠᠨ ᠤ ᠰᠠᠭᠤᠷᠢᠨ ᠭᠠᠵᠠᠷ ᠤᠨ ᠲᠥᠷᠥᠯ ᠵᠦᠢᠯ ᠳᠤ ᠲᠥᠪᠯᠡᠷᠡᠭᠦᠯᠦᠨ ᠭᠠᠷ ᠤᠨ ᠥᠰᠥᠭ ᠵᠢᠷᠤᠪᠠ
ᠨᠡᠶᠢᠲᠡᠯᠡᠭᠰᠡᠨ ᠴᠠᠭ᠄
2024/8/26
    ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠵᠦ᠂ ᠰᠠᠶᠢᠨ ᠰᠠᠶᠢᠬᠠᠨ ᠢᠷᠡᠭᠡᠳᠦᠢ ᠪᠠᠨ ᠬᠠᠮᠲᠤ ᠪᠠᠷ ᠴᠣᠭᠴᠠᠯᠠᠨ᠎ᠠ᠃ 8 ᠰᠠᠷ᠎ᠠ ᠶᠢᠨ 23 ᠤ ᠡᠳᠦᠷ᠂ ᠠᠯᠠᠱᠠ ᠠᠶᠢᠮᠠᠭ ᠤᠨ ᠵᠣᠴᠢᠳ ᠤᠨ ᠪᠠᠭᠤᠳᠠᠯ ᠤᠨ ᠰᠢᠵᠢᠷ ᠠᠯᠲᠠᠨ ᠲᠢᠩᠬᠢᠮ ᠳᠤ ᠡᠷᠬᠢᠮ ᠵᠣᠴᠢᠳ ᠳᠦᠭᠦᠷᠡᠩ ᠰᠠᠭᠠᠲᠠᠯ᠎ᠠ᠂ ᠠᠯᠠᠱᠠ ᠠᠶᠢᠮᠠᠭ ᠤᠨ ᠨᠡᠭᠦᠷᠡᠰᠦ ᠨᠥᠭᠡᠴᠡᠯᠡᠵᠦ ᠲᠣᠬᠢᠷᠠᠭᠤᠯᠬᠤ ᠠᠷᠠᠯᠵᠢᠶᠠᠨ ᠤ ᠰᠠᠭᠤᠷᠢᠨ ᠭᠠᠵᠠᠷ ᠤᠨ ᠲᠥᠷᠥᠯ ᠵᠦᠢᠯ ᠳᠤ ᠲᠥᠪᠯᠡᠷᠡᠭᠦᠯᠦᠨ ᠭᠠᠷ ᠤᠨ ᠥᠰᠥᠭ ᠵᠢᠷᠤᠬᠤ ᠶᠣᠰᠣᠯᠠᠯ ᠡ᠊ᠨᠳᠡ ᠶᠠᠪᠤᠭᠳᠠᠪᠠ᠂ ᠡᠨᠡ ᠨᠢ ᠠᠯᠠᠱᠠ ᠠᠶᠢᠮᠠᠭ ᠤᠨ ᠣᠷᠣᠨ ᠨᠤᠲᠤᠭ ᠬᠢᠭᠡᠳ ᠠᠵᠤ ᠠᠬᠤᠶᠢᠯᠠᠯ ᠬᠤᠶᠠᠷ ᠲᠠᠯ᠎ᠠ ᠶᠢᠨ ᠬᠠᠮᠳᠤᠷᠠᠯᠴᠠᠭ᠎ᠠ ᠲᠡᠦᠭᠡ ᠶᠢᠨ ᠰᠢᠨ᠎ᠡ ᠬᠠᠭᠤᠳᠠᠰᠤ ᠪᠠᠨ ᠰᠡᠭᠦᠭᠰᠡᠨ ᠢ ᠬᠠᠷᠠᠭᠤᠯᠵᠤ ᠪᠠᠶᠢᠨ᠎ᠠ᠃
1.jpg
     ᠳᠤᠮᠳᠠᠳᠤ ᠤᠯᠤᠰ ᠤᠨ ᠨᠡᠭᠦᠷᠡᠰᠦᠨ ᠤ ᠡᠨᠧᠷᠭᠢ ᠶᠢᠨ ᠪᠥᠯᠥᠭᠯᠡᠯ ᠤᠨ ᠥᠪᠥᠷ ᠮᠣᠩᠭᠤᠯ ᠤᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠭᠦᠢᠴᠡᠳᠬᠡᠬᠦ ᠬᠡᠷᠡᠭ ᠮᠡᠳᠡᠭᠴᠢ᠂ ᠶᠡᠷᠦᠩᠬᠡᠢ ᠳᠠᠭᠠᠭᠠᠮᠠᠯ ᠰᠢᠦᠢ ᡁᠢ ᠶᠤᠸᠠᠨ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠹᠠᠩ ᠢᠦᠢ ᠳ᠋ᠦᠩ᠂ ᠰᠢᠶᠠᠮᠧᠨ ᠤ ᠤᠯᠤᠰ ᠤᠨ ᠠᠷᠠᠯᠵᠢᠶᠠᠨ ᠤ ᠲᠡᠮᠦᠷᠯᠢᠭ ᠪᠣᠯᠪᠠᠰᠤᠷᠠᠭᠤᠯᠬᠤ ᠨᠡᠭᠦᠷᠡᠰᠦ ᠬᠡᠦᠷᠰᠢᠭᠦᠯᠭᠦ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠧᠦ ᠶᠦᠩ᠂ ᠠᠯᠠᠱᠠ ᠠᠶᠢᠮᠠᠭ ᠤᠨ ᠬᠤ᠋ ᠮᠧᠩ ᠡᠨᠧᠷᠭᠢ ᠶᠢᠨ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠨ ᠰᠢᠶᠣᠣ ᠷᠧᠨ᠂ ᠥᠪᠥᠷ ᠮᠣᠩᠭᠤᠯ ᠤᠨ ᠭᠤᠸᠠᠩ ᠨᠠ ᠨᠡᠭᠦᠷᠡᠰᠦᠨ ᠤ ᠦᠢᠯᠡᠰ ︵ᠪᠦᠯᠦᠭᠯᠡᠯ︶ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠴᠢᠤᠸᠠᠨ ᠼᠠᠢ᠂ ᠢ ᠳ᠋ᠠ ᠽᠦᠩ ᠰᠲ᠋ᠤᠺ ᠡᠵᠡᠮᠳᠡᠬᠦ ᠬᠢᠵᠠᠭᠠᠷᠲᠤ ᠺᠣᠮᠫᠠᠨᠢ ᠶᠢᠨ ᠶᠡᠷᠦᠩᠬᠡᠢ ᠵᠠᠬᠢᠷᠤᠯ ᠤᠨ ᠲᠤᠰᠠᠯᠠᠭᠴᠢ᠂ ᠰᠢᠨ᠎ᠡ ᠪᠣᠭᠤᠮᠲᠠ ᠶᠢ ᠨᠡᠭᠡᠭᠡᠨ ᠬᠥᠭᠵᠢᠭᠦᠯᠬᠦ ᠬᠡᠯᠲᠡᠰ  ᠤᠨ ᠶᠡᠷᠦᠩᠬᠡᠢ ᠳᠠᠭᠠᠭᠠᠮᠠᠯ ᠸᠠᠩ ᠯᠧᠢ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃     ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠬᠤᠷᠠᠯ ᠢ ᠡᠷᠭᠢᠯᠡᠵᠦ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ᠂ ᠠᠶᠢᠮᠠᠭ ᠤᠨ ᠳᠡᠳ᠋ ᠳᠠᠷᠤᠭ᠎ᠠ ᠪᠦᠦ ᠶᠧ ᠶᠤᠰᠤᠯᠠᠯ ᠳᠤ ᠣᠷᠣᠯᠴᠠᠵᠠᠢ᠃
2.jpg
     ᠲᠣᠰ ᠤᠳᠠᠭᠠᠨ ᠤ ᠭᠡᠷ᠎ᠡ ᠲᠣᠭᠲᠠᠭᠰᠠᠨ ᠲᠥᠷᠥᠯ ᠵᠦᠢᠯ ᠤᠨ ᠶᠡᠷᠦᠩᠬᠡᠢ ᠭᠡᠮᠵᠢᠶ᠎ᠡ ᠨᠢ 5800 ᠲᠦᠮᠡᠨ ᠲᠣᠨ ᠨᠡᠭᠦᠷᠡᠰᠦ ᠨᠥᠭᠡᠴᠡᠯᠡᠵᠦ᠂ 700 ᠲᠦᠮᠡᠨ ᠲᠣᠨ ᠨᠡᠭᠦᠷᠡᠰᠦ ᠬᠡᠦᠷᠰᠢᠭᠦᠯᠬᠦ ᠦᠢᠯᠡᠳᠪᠦᠷᠢᠯᠡᠯ ᠤᠨ ᠴᠢᠳᠠᠪᠤᠷᠢ ᠲᠠᠢ ᠪᠤᠯᠵᠦ᠂ ᠶᠡᠷᠦᠩᠭᠡᠢ ᠪᠡᠯᠡ ᠤᠷᠤᠭᠤᠯᠤᠯᠳᠠ 160.4 ᠳ᠋ᠦᠩᠰᠢᠭᠤᠷ ᠲᠥᠭᠦᠷᠢᠭ ᠲᠤ ᠬᠦᠷᠭᠦ ᠪᠤᠯᠤᠨ᠎ᠠ᠃     ᠭᠡᠷ᠎ᠡ ᠲᠣᠭᠲᠠᠭᠰᠠᠨ ᠠᠵᠤ ᠠᠬᠤᠶᠢᠯᠠᠯ ᠳᠤ ᠤᠯᠤᠰ ᠤᠨ ᠥᠮᠴᠢᠯᠡᠯᠳᠦ ᠲᠣᠮᠣ ᠬᠡᠯᠪᠡᠷᠢ ᠶᠢᠨ ᠭᠤᠣᠯᠳᠠᠯᠭ᠎ᠠ ᠲᠠᠢ ᠭᠤᠣᠯᠯᠠᠭᠴᠢ ᠠᠵᠤ ᠠᠬᠤᠶᠢᠯᠠᠯ ᠪᠠᠶᠢᠬᠤ ᠪᠠᠷ ᠪᠠᠷᠠᠬᠤ ᠦᠭᠡᠢ ᠪᠠᠰᠠ ᠪᠣᠳᠠᠲᠤ ᠬᠦᠴᠦᠨ ᠢᠶᠠᠷ ᠴᠢᠩᠭ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠴᠦ ᠪᠤᠢ᠂ ᠴᠥᠮ ᠨᠡᠭᠦᠷᠡᠰᠦᠨ ᠤ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠵᠢᠴᠢ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ᠂ ᠨᠡᠭᠦᠷᠡᠰᠦᠨ ᠤ ᠬᠢᠯᠢ ᠠᠯᠤᠰᠯᠠᠭᠰᠠᠨ ᠠᠷᠠᠯᠵᠢᠶ᠎ᠠ ᠵᠢᠴᠢ ᠨᠡᠭᠦᠷᠡᠰᠦ ᠤᠬᠢᠶᠠᠨ ᠰᠢᠯᠢᠬᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶ᠎ᠡ ᠴᠠᠷᠠᠭᠠᠨ ᠳᠤ ᠤᠯᠠᠨ ᠵᠢᠯ ᠤᠨ ᠲᠤᠷᠰᠢ ᠠᠵᠢᠯᠯᠠᠭᠰᠠᠭᠠᠷ ᠢᠷᠡᠭᠰᠡᠨ ᠲᠣᠯᠣᠭᠠᠶᠢᠯᠠᠭᠴᠢ ᠠᠵᠤ ᠠᠬᠤᠶᠢᠯᠠᠯ ᠪᠣᠯᠣᠨ᠎ᠠ᠃
3.jpg
     ᠢ ᠳ᠋ᠠ ᠽᠦᠩ ᠰᠲ᠋ᠣᠺ ᠡᠵᠡᠮᠳᠡᠬᠦ ᠬᠢᠵᠠᠭᠠᠷᠲᠤ ᠺᠣᠮᠫᠠᠨᠢ ᠪᠣᠯ ᠰᠢᠶᠠᠩᠭᠠᠩ ᠤᠨ ᠵᠠᠬ᠎ᠠ ᠳᠡᠯᠭᠡᠭᠦᠷ ᠲᠤ ᠭᠠᠷᠤᠭᠰᠠᠨ ᠬᠤᠳᠠᠯᠳᠤᠨ ᠠᠪᠬᠤ᠂ ᠲᠡᠭᠡᠭᠡᠪᠦᠷᠢᠯᠡᠬᠦ᠂ ᠬᠥᠮᠥᠷᠭᠡᠯᠡᠨ ᠨᠥᠭᠡᠴᠡᠯᠡᠭᠦ᠂ ᠡᠳ᠋ᠰᠢᠭᠦᠯᠬᠦ ᠪᠠ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ ᠲᠣᠮᠣ ᠬᠡᠯᠪᠡᠷᠢ ᠶᠢᠨ ᠠᠵᠤ ᠠᠬᠤᠶᠢᠯᠠᠯ ᠪᠣᠯᠬᠤ ᠪᠥᠭᠡᠳ ᠮᠣᠩᠭᠤᠯ ᠤᠯᠤᠰ ᠤᠨ ᠬᠡᠦᠷᠡᠰᠦᠨ ᠨᠡᠭᠦᠷᠡᠰᠦ ᠶᠢ ᠭᠠᠳᠠᠭᠠᠳᠤ ᠠᠴᠠ ᠣᠷᠣᠭᠤᠯᠬᠤ ᠪᠠᠷ ᠡᠵᠡᠩᠨᠡᠯᠳᠡ ᠬᠢᠵᠦ ᠪᠠᠶᠢᠭ᠎ᠠ ᠭᠤᠣᠯ ᠪᠤᠯᠬᠤ ᠠᠷᠠᠯᠵᠢᠶᠠᠴᠢᠨ ᠤ ᠨᠢᠭᠡ ᠪᠣᠯᠣᠨ᠎ᠠ᠃ ᠲᠤᠰ ᠺᠣᠮᠫᠠᠨᠢ ᠶᠢᠨ ᠰᠢᠨ᠎ᠡ ᠪᠣᠭᠤᠮᠲᠠ ᠶᠢ ᠨᠡᠭᠡᠭᠡᠨ ᠬᠥᠭᠵᠢᠭᠦᠯᠭᠦ ᠬᠡᠯᠲᠡᠰ ᠤᠨ ᠬᠠᠷᠢᠭᠤᠴᠠᠯᠭᠠᠲᠠᠨ ᠳᠠᠯᠠᠢ᠄ ︽ᠪᠢᠳᠡ ᠠᠯᠠᠱᠠ ᠠᠶᠢᠮᠠᠭ ᠲᠤ ᠬᠤᠶᠠᠷ ᠲᠦᠷᠦᠯ ᠵᠦᠢᠯ  ᠢᠶᠠᠷ ᠪᠡᠯᠡ ᠣᠷᠣᠭᠤᠯᠬᠤ ᠪᠠᠷ ᠲᠥᠯᠥᠪᠯᠡᠵᠦ ᠪᠤᠢ᠂ ᠨᠢᠭᠡ ᠳᠤ᠂ 6.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠦ᠂ ᠥᠯᠵᠡᠢ ᠪᠣᠭᠤᠮᠲᠠ ᠳᠤ ᠥᠨᠳᠥᠷ ᠪᠠᠷᠢᠮᠵᠢᠶ᠎ᠠ ᠲᠠᠢ᠂ ᠴᠢᠨᠠᠷ ᠰᠠᠶᠢᠲᠠᠢ AGV ᠣᠶᠤᠨᠲᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠪᠠᠶᠢᠭᠤᠯᠬᠤ ᠪᠠᠷ ᠲᠥᠯᠥᠪᠯᠡᠵᠦ ᠪᠤᠢ︔ ᠬᠤᠶᠠᠷ ᠲᠤ᠂ 2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠦ᠂ ᠣᠯᠠᠨᠪᠤᠯᠠᠭ ᠤᠨ ᠠᠵᠤ ᠦᠢᠯᠡᠰ ᠤᠨ ᠬᠦᠷᠢᠶᠡᠯᠡᠩ ᠳᠤ ᠵᠢᠯ ᠤᠨ ᠦᠢᠯᠡᠳᠪᠦᠷᠢᠯᠡᠯ ᠤᠨ ᠴᠢᠳᠠᠪᠤᠷᠢ ᠨᠢ 300 ᠲᠦᠮᠡᠨ ᠲᠣᠨ ᠳᠤ ᠬᠦᠷᠬᠦ ᠨᠡᠭᠦᠷᠡᠰᠦ ᠶᠢ ᠤᠬᠢᠶᠠᠨ ᠰᠢᠯᠢᠵᠦ ᠡᠳ᠋ᠰᠢᠭᠦᠯᠭᠦ ᠲᠦᠷᠦᠯ ᠵᠦᠢᠯ ᠢ ᠪᠠᠶᠢᠭᠤᠯᠵᠤ᠂ ᠲᠦᠷᠦᠯ ᠵᠦᠢᠯ ᠤᠨ ᠪᠡᠯᠡ ᠣᠷᠣᠭᠤᠯᠤᠯᠲᠠ ᠪᠠᠷ ᠳᠠᠮᠵᠢᠨ ᠠᠯᠠᠱᠠ ᠯᠤᠭ᠎ᠠ ᠬᠠᠮᠳᠤᠷᠠᠨ ᠠᠵᠢᠯᠯᠠᠵᠦ ᠬᠠᠮᠳᠣ ᠪᠠᠷ ᠠᠰᠢᠭ ᠬᠦᠷᠳᠡᠬᠦ ᠶᠢ ᠬᠦᠰᠡᠵᠦ ᠪᠠᠶᠢᠨ᠎ᠠ︾ ᠭᠡᠪᠡ᠃     ᠥᠪᠥᠷ ᠮᠣᠩᠭᠤᠯ ᠤᠨ ᠭᠤᠸᠠᠩ ᠨᠠ ᠨᠡᠭᠦᠷᠡᠰᠦᠨ ᠤ ᠦᠢᠯᠡᠰ ︵ᠪᠦᠯᠦᠭᠯᠡᠯ︶ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠯᠢᠦ ᠭᠦᠸᠧ ᠲᠤᠤ᠄ ︽ᠮᠠᠨ ᠤ ᠪᠦᠯᠦᠭᠯᠡᠯ ᠡᠨᠧᠷᠭᠢ ᠵᠢᠴᠢ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠦᠷᠢᠶ᠎ᠡ ᠴᠠᠷᠠᠭᠠᠨ ᠳᠤ ᠭᠤᠴᠢ ᠭᠠᠷᠤᠢ ᠵᠢᠯ ᠠᠵᠢᠯᠯᠠᠵᠦ᠂ ᠪᠠᠷᠠᠭᠤᠨ ᠬᠤᠶᠢᠲᠤ ᠣᠷᠣᠨ ᠳᠤ ᠨᠡᠭᠦᠷᠡᠰᠦ᠂ ᠬᠡᠦᠷᠡᠰᠦ᠂ ᠴᠠᠬᠢᠯᠭᠠᠨ᠂ ᠬᠡᠢ᠂ ᠮᠧᠲ᠋ᠢᠯ ᠠᠯᠺᠣᠣᠯ᠂ ᠰᠢᠩᠭᠡᠨ ᠰᠢᠪᠲᠦᠷ᠂ ᠴᠣᠬᠤᠢ ᠶᠢᠨ ᠴᠢᠯᠠᠭᠤ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠵᠠᠳᠠᠷᠠᠵᠤ ᠪᠣᠯᠬᠤ ᠰᠦᠯᠢᠶᠥᠦ ᠶᠢ ᠨᠢᠭᠡ ᠴᠣᠭᠴᠠᠵᠢᠭᠤᠯᠤᠭᠰᠠᠨ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠳᠡᠭᠡᠳᠦ ᠰᠢᠨᠵᠢᠯᠡᠭᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠠᠢ ᠶᠤᠮ᠃ ᠲᠤᠰ ᠤᠳᠠᠭ᠎ᠠ ᠭᠡᠷ᠎ᠡ ᠲᠤᠭᠳᠠᠭᠰᠠᠨ ᠠᠯᠠᠱᠠ ᠠᠶᠢᠮᠠᠭ ᠲᠤ ᠬᠥᠭᠵᠢᠭᠦᠯᠬᠦ ᠬᠤᠶᠠᠷ ᠲᠦᠷᠦᠯ ᠵᠦᠢᠯ ᠪᠣᠯ᠂ ᠨᠢᠭᠡ ᠨᠢ ᠵᠢᠯ ᠳᠤ 1000 ᠲᠦᠮᠡᠨ ᠲᠣᠨ ᠬᠡᠦᠷᠡᠰᠦ ᠪᠣᠯᠪᠠᠰᠤᠷᠠᠭᠤᠯᠬᠤ ᠨᠡᠭᠦᠷᠡᠰᠦ ᠰᠢᠯᠢᠬᠦ ᠦᠢᠯᠡᠳᠪᠦᠷᠢ ᠵᠢᠴᠢ ᠬᠥᠮᠥᠷᠭᠡᠯᠡᠨ ᠨᠥᠭᠡᠴᠡᠯᠡᠭᠦ ᠲᠦᠷᠦᠯ ᠵᠦᠢᠯ᠂ ᠨᠥᠭᠦᠭᠡ ᠨᠢᠭᠡ ᠨᠢ ᠥᠯᠵᠡᠢ ᠪᠣᠭᠤᠮᠲᠠ ᠳᠤ ᠪᠦᠲᠦᠭᠡᠨ ᠪᠠᠶᠢᠭᠤᠯᠬᠤ ᠬᠥᠮᠥᠷᠭᠡᠯᠡᠨ ᠨᠥᠭᠡᠴᠡᠯᠡᠭᠦ ᠪᠠᠷᠠᠭᠠᠨ ᠤ ᠭᠦᠢᠯᠭᠡᠭᠡᠨ ᠤ ᠲᠦᠷᠦᠯ ᠵᠦᠢᠯ ᠪᠣᠯᠣᠨ᠎ᠠ᠃ ᠪᠢᠳᠡ ᠲᠤᠰ ᠪᠡᠶ᠎ᠡ ᠶᠢᠨ ᠰᠢᠨᠵᠢᠯᠡᠬᠦ ᠤᠬᠠᠭᠠᠨᠴᠢ ᠵᠢᠷᠤᠮᠵᠢᠭᠰᠠᠨ ᠬᠠᠮᠢᠶᠠᠷᠤᠯᠲᠠ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠪᠣᠯᠪᠠᠰᠤᠨ ᠪᠥᠭᠡᠳ ᠠᠮᠤᠷ ᠲᠦᠪᠰᠢᠨ ᠢᠶᠠᠷ ᠪᠠᠷᠢᠯᠭ᠎ᠠ ᠶᠢᠨ ᠠᠵᠢᠯ ᠢᠶᠠᠨ ᠶᠠᠪᠤᠭᠳᠠᠭᠤᠯᠵᠦ᠂ ᠴᠢᠨᠠᠷ ᠰᠠᠶᠢᠲᠠᠢ ᠪᠠᠷ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ︾ ᠭᠡᠪᠡ᠃
4.jpg 
     ᠨᠡᠭᠦᠷᠡᠰᠦ ᠨᠥᠭᠡᠴᠡᠯᠡᠵᠦ ᠲᠣᠬᠢᠷᠠᠭᠤᠯᠬᠤ ᠠᠷᠠᠯᠵᠢᠶᠠᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠣᠯ ᠠᠯᠠᠱᠠ ᠠᠶᠢᠮᠠᠭ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾ ᠳᠤ ᠲᠤᠭᠳᠠᠭᠠᠭᠰᠠᠨ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠪᠠ ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠨ ᠪᠠᠲᠤᠯᠠᠬᠤ ᠴᠢᠬᠤᠯᠠ ᠭᠠᠷᠳᠠᠴᠠ ᠶᠢ ᠵᠠᠪᠳᠤᠨ ᠠᠳᠬᠤᠵᠤ᠂ ᠬᠠᠷᠢᠴᠠᠭᠤᠯᠤᠭᠰᠠᠨ ᠳᠠᠪᠠᠭᠤᠯᠢᠭ ᠢᠶᠠᠨ ᠶᠡᠬᠡᠰᠬᠡᠬᠦ᠂ ︽ᠲᠠᠪᠤᠨ ᠶᠡᠭᠡ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠲᠣᠰ ᠤᠳᠠᠭ᠎ᠠ ᠶᠢᠨ ᠭᠡᠷ᠎ᠡ ᠲᠣᠭᠲᠠᠭᠰᠠᠨ ᠲᠥᠷᠥᠯ ᠵᠦᠢᠯ ᠨᠢ ᠪᠥᠬᠦ ᠠᠶᠢᠮᠠᠭ ᠤᠨ ︽ᠲᠠᠪᠤᠨ ᠶᠡᠭᠡ ᠡᠭᠦᠷᠭᠡ︾ ᠶᠢ ᠨᠠᠩ ᠰᠠᠶᠢᠲᠤᠷ ᠨᠠᠶᠢᠳᠠᠪᠤᠷᠢᠵᠢᠭᠤᠯᠬᠤ᠂ ᠪᠣᠭᠤᠮᠲᠠ ᠬᠢᠭᠡᠳ ᠳᠣᠲᠣᠷ ᠭᠠᠵᠠᠷ ᠬᠤᠯᠪᠤᠭᠠᠯᠠᠨ ᠬᠥᠳᠡᠯᠦᠯᠴᠡᠵᠦ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠳᠤ ᠰᠢᠨ᠎ᠡ ᠲᠤᠯᠭᠠᠭᠤᠷᠢᠯᠠᠯ ᠬᠠᠩᠭᠠᠵᠤ᠂ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠣᠯᠣᠨ᠎ᠠ᠃    ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠨᠢᠶᠧ ᠵᠢᠶᠠᠨ ᠵᠢᠶᠦ᠋ᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠦᠢᠯᠡᠴᠢᠯᠡᠭᠡᠨ ᠤ ᠰᠡᠭᠦᠯᠴᠢ ᠶᠢᠨ ᠠᠵᠢᠯ ᠢ ᠲᠣᠪᠣᠶᠢᠮ᠎ᠠ ᠠᠮᠵᠢᠯᠳᠠ ᠲᠠᠢ ᠰᠠᠶᠢᠲᠤᠷ ᠬᠢᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠳᠦᠷᠢᠮ ᠢ ᠥᠨᠳᠥᠷ ᠪᠦᠲᠦᠮᠵᠢᠲᠡᠶ ᠪᠠᠷ ᠬᠡᠷᠡᠭᠵᠢᠭᠦᠯᠵᠦ᠂ ᠪᠥᠬᠦ ᠠᠶᠢᠮᠠᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠲᠦᠷᠭᠡᠨ ᠬᠢᠨᠠᠨ ᠵᠦᠪᠰᠢᠶᠡᠷᠡᠭᠳᠡᠭᠦ ᠶᠢ ᠬᠦᠴᠦᠯᠡᠨ ᠠᠬᠢᠭᠤᠯᠵᠤ᠂ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ᠂ ᠲᠦᠷᠭᠡᠨ ᠪᠦᠲᠦᠭᠡᠨ ᠪᠠᠶᠢᠭᠤᠯᠬᠤ᠂ ᠲᠦᠷᠭᠡᠨ ᠠᠰᠢᠭᠯᠠᠯᠲᠠ ᠳᠤ ᠣᠷᠣᠭᠤᠯᠬᠤ᠂ ᠲᠦᠷᠭᠡᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠤᠷᠢᠵᠦ ᠠᠪᠴᠢᠷᠠᠭᠰᠠᠨ ᠠᠵᠤ ᠠᠬᠤᠶᠢᠯᠠᠯ ᠤᠨ ᠡᠷᠡᠭᠦᠯ ᠪᠥᠭᠡᠳ ᠲᠣᠭᠲᠠᠭᠤᠨ ᠢᠶᠠᠷ ᠬᠥᠭᠵᠢᠬᠦ ᠶᠢ ᠦᠷᠭᠦᠯᠵᠢᠯᠡᠨ ᠠᠬᠢᠭᠤᠯᠤᠨ᠎ᠠ ᠭᠡᠵᠡᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号