ᠬᠤᠸᠠᠩ ᠶᠠ ᠯᠢ  ᠪᠠᠢ ᠬᠠᠢ ᠯᠢᠨ ᠳᠤᠮᠳᠠᠳᠤ ᠤᠯᠤᠰ ᠤᠨ ᠨᠡᠭᠦᠷᠡᠰᠦᠨ ᠤ ᠡᠨᠧᠷᠭᠢ ᠶᠢᠨ ᠪᠥᠯᠥᠭᠯᠡᠯ ᠤᠨ ᠥᠪᠥᠷ ᠮᠣᠩᠭᠤᠯ ᠤᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠭᠦᠢᠴᠡᠳᠬᠡᠬᠦ ᠬᠡᠷᠡᠭ ᠮᠡᠳᠡᠭᠴᠢ  ᠶᠡᠷᠦᠩᠬᠡᠢ ᠳᠠᠭᠠᠭᠠᠮᠠᠯ ᠰᠢᠦᠢ ᡁᠢ ᠶᠤᠸᠠᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/8/26
    8 ᠰᠠᠷ᠎ᠠ ᠶᠢᠨ 23 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠳᠤᠮᠳᠠᠳᠤ ᠤᠯᠤᠰ ᠤᠨ ᠨᠡᠭᠦᠷᠡᠰᠦᠨ ᠤ ᠡᠨᠧᠷᠭᠢ ᠶᠢᠨ ᠪᠥᠯᠥᠭᠯᠡᠯ ᠤᠨ ᠥᠪᠥᠷ ᠮᠣᠩᠭᠤᠯ ᠤᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠭᠦᠢᠴᠡᠳᠬᠡᠬᠦ ᠬᠡᠷᠡᠭ ᠮᠡᠳᠡᠭᠴᠢ᠂ ᠶᠡᠷᠦᠩᠬᠡᠢ ᠳᠠᠭᠠᠭᠠᠮᠠᠯ ᠰᠢᠦᠢ ᡁᠢ ᠶᠤᠸᠠᠨ ᠲᠠᠢ ᠠᠭᠤᠯᠵᠠᠪᠠ᠃
1.jpg
    ᠬᠤᠸᠠᠩ ᠶᠠ ᠯᠢ ᠰᠢᠦᠢ ᡁᠢ ᠶᠤᠸᠠᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠪᠦᠬᠦ ᠠᠶᠢᠮᠠᠭ ᠤᠨ ᠡᠯ᠎ᠡ ᠱᠠᠳᠤᠨ ᠤ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠶᠡᠭᠡ ᠬᠦᠴᠦ ᠣᠷᠣᠭᠤᠯᠵᠤ ᠲᠣᠭᠲᠠᠭᠤᠨ ᠢᠶᠠᠷ ᠨᠡᠮᠡᠭᠳᠡᠭᠦᠯᠬᠦ᠂ ᠪᠦᠲᠦᠴᠡ ᠳᠤ ᠲᠣᠬᠢᠷᠠᠭᠤᠯᠤᠯᠲᠠ ᠬᠢᠬᠦ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ ᠪᠠᠶᠢᠨ᠎ᠠ᠃ ᠤᠯᠠᠮᠵᠢᠯᠠᠯᠲᠤ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠥᠭᠵᠢᠯᠲᠡ ᠴᠦ ᠲᠡᠷᠡ᠂ ᠰᠢᠨ᠎ᠡ ᠡᠨᠧᠷᠭᠢ ᠶᠢᠨ ᠰᠤᠷᠪᠤᠯᠵᠢ ᠶᠢ ᠨᠡᠭᠡᠭᠡᠨ ᠬᠥᠭᠵᠢᠭᠦᠯᠬᠦ ᠪᠠᠶᠢᠷᠢᠯᠠᠭᠤᠯᠤᠯᠲᠠ ᠳᠤ ᠴᠤ ᠲᠡᠷᠡ᠂ ᠴᠥᠮ ᠨᠡᠭᠦᠷᠡᠰᠦᠨ ᠳᠤ ᠲᠤᠯᠭᠠᠭᠤᠷᠢᠯᠠᠬᠤ ᠪᠠᠲᠤᠯᠠᠭ᠎ᠠ ᠱᠠᠭᠠᠷᠳᠠᠭᠳᠠᠨ᠎ᠠ᠃ ᠳᠤᠮᠳᠠᠳᠤ ᠤᠯᠤᠰ ᠤᠨ ᠨᠡᠭᠦᠷᠡᠰᠦᠨ ᠤ ᠡᠨᠧᠷᠭᠢ ᠶᠢᠨ ᠪᠥᠯᠥᠭᠯᠡᠯ ᠤᠨ ᠥᠪᠥᠷ ᠮᠣᠩᠭᠤᠯ ᠤᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠮᠡᠷᠭᠡᠵᠢᠯ ᠳᠠᠪᠰᠢᠩᠭᠤᠢ᠂ ᠪᠣᠳᠠᠲᠤ ᠬᠦᠴᠦᠨ ᠢᠶᠠᠷ ᠴᠢᠩᠭ᠎ᠠ᠂ ᠲᠤᠰ ᠺᠣᠮᠫᠠᠨᠢ ᠠᠯᠠᠱᠠ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠨᠡᠭᠦᠷᠡᠰᠦᠨ ᠤ ᠡᠬᠢ ᠪᠠᠶᠠᠯᠢᠭ ᠢ ᠨᠡᠶᠢᠳᠬᠡᠨ ᠨᠡᠭᠡᠭᠡᠨ ᠬᠥᠭᠵᠢᠭᠦᠯᠬᠦ᠂ ᠨᠡᠭᠦᠷᠡᠰᠦ ᠨᠥᠭᠡᠴᠡᠯᠡᠵᠦ ᠲᠣᠬᠢᠷᠠᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠵᠡᠷᠭᠡ ᠬᠦᠷᠢᠶ᠎ᠡ ᠴᠠᠷᠠᠭᠠᠨ ᠳᠤ ᠬᠦᠨᠵᠡᠬᠡᠢ  ᠬᠠᠮᠲᠤᠷᠠᠯᠴᠠᠭ᠎ᠠ ᠥᠷᠨᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠭᠠᠷ ᠬᠤᠯᠪᠣᠨ ᠠᠬᠢᠭᠤᠯᠵᠤ᠂ ᠬᠠᠷᠢᠯᠴᠠᠨ ᠠᠰᠢᠭᠲᠠᠢ ᠬᠠᠮᠳᠣ ᠪᠠᠷ ᠠᠰᠢᠭ ᠬᠦᠷᠳᠡᠬᠦ ᠶᠢ ᠬᠦᠰᠡᠵᠦ ᠪᠠᠶᠢᠨ᠎ᠠ ᠭᠡᠵᠡᠢ᠃
2.jpg
    ᠰᠢᠦᠢ ᡁᠢ ᠶᠤᠸᠠᠨ ᠠᠯᠠᠱᠠ ᠠᠴᠠ  ᠲᠠᠮᠵᠢᠵᠦ ᠪᠠᠶᠢᠬᠤ ᠳᠤ ᠲᠠᠯᠠᠷᠬᠠᠵᠤ ᠪᠠᠶᠢᠭ᠎ᠠ ᠪᠠᠨ ᠢᠯᠡᠳᠬᠡᠪᠡ᠃ ᠲᠡᠷᠡ᠂ ᠠᠯᠠᠱᠠ ᠶᠢᠨ ᠣᠷᠣᠨ ᠪᠠᠶᠢᠷᠢ ᠶᠢᠨ ᠳᠠᠪᠠᠭᠤᠯᠢᠭ ᠲᠤᠪᠤᠶᠢᠮ᠎ᠠ᠂ ᠡᠬᠢ ᠪᠠᠶᠠᠯᠢᠭ ᠡᠯᠪᠡᠭ᠂ ᠬᠥᠭᠵᠢᠯᠲᠡ ᠶᠢᠨ ᠣᠷᠴᠢᠨ ᠨᠥᠬᠦᠴᠡᠯ ᠰᠠᠶᠢᠨ᠃ ᠮᠠᠨ ᠤ ᠺᠤᠮᠫᠠᠨᠢ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠯᠠᠱᠠ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠪᠠᠷ ᠭᠤᠣᠯᠯᠠᠭᠤᠯᠤᠨ᠂ ᠬᠠᠮᠲᠤᠷᠠᠯᠴᠠᠭᠠᠨ ᠤ ᠬᠦᠷᠢᠶ᠎ᠡ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠥᠷᠭᠡᠳᠬᠡᠵᠦ᠂ ᠠᠯᠠᠱᠠ ᠶᠢᠨ ᠨᠠᠩ ᠴᠢᠨᠠᠷ ᠰᠠᠶᠢᠲᠠᠢ᠂ ᠨᠠᠩ ᠥᠨᠳᠥᠷ ᠬᠢᠷᠢ ᠲᠦᠪᠰᠢᠨ ᠪᠦᠬᠦᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠢ᠃     ᠠᠶᠢᠮᠠᠭ ᠤᠨ ᠤᠳᠤᠷᠢᠳᠤᠯᠭ᠎ᠠ ᠯᠢᠦ ᡁᠢ ᠴᠢᠶᠠᠩ᠂ ᠪᠦᠦ ᠶᠧ ᠠᠭᠤᠯᠵᠠᠯᠳᠠ ᠳᠤ ᠣᠷᠣᠯᠴᠠᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号