ᠬᠤᠸᠠᠩ ᠶᠠ ᠯᠢ  ᠪᠠᠢ ᠬᠠᠢ ᠯᠢᠨ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠹᠠᠩ ᠢᠦᠢ ᠳ᠋ᠦᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/8/26
    8 ᠰᠠᠷ᠎ᠠ ᠶᠢᠨ 23 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠹᠠᠩ ᠢᠦᠢ ᠳ᠋ᠦᠩ ᠲᠠᠢ ᠠᠭᠤᠯᠵᠠᠪᠠ᠃
1.jpg
     ᠬᠤᠸᠠᠩ ᠶᠠ ᠯᠢ ᠹᠠᠩ ᠢᠦᠢ ᠳ᠋ᠦᠩ ᠨᠠᠷ ᠤᠨ ᠬᠦᠷᠦᠯᠴᠡᠨ ᠢᠷᠡᠭᠰᠡᠨ  ᠢ  ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠷᠳᠤ ᠬᠤᠭᠤᠴᠠᠭᠠᠨ ᠤ ᠲᠤᠷᠰᠢ ᠠᠯᠠᠱᠠ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠪᠥᠬᠦ ᠠᠶᠢᠮᠠᠭ ᠤᠨ ᠡᠯ᠎ᠡ ᠱᠠᠲᠤᠨ ᠤ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠬᠦᠴᠦᠨ ᠢᠶᠠᠨ ᠲᠥᠪᠯᠡᠷᠡᠭᠦᠯᠦᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠦᠨ᠂ ᠥᠭᠡᠷᠡᠴᠢᠯᠡᠯᠲᠡ ᠶᠢ ᠪᠥᠬᠦ ᠬᠦᠴᠦᠨ ᠢᠶᠠᠷ ᠢᠶᠠᠨ ᠠᠳᠬᠤᠵᠤ᠂ ᠬᠥᠭᠵᠢᠯᠲᠡ ᠶᠢ ᠠᠬᠢᠭᠤᠯᠵᠤ ᠪᠠᠶᠢᠨ᠎ᠠ᠂ ᠭᠡᠪᠡᠴᠦ ᠵᠠᠮ ᠬᠠᠷᠢᠯᠴᠠᠭ᠎ᠠ ᠲᠥᠭᠦᠮ ᠪᠤᠰᠤ ᠠᠰᠠᠭᠤᠳᠠᠯ ᠮᠥᠨ ᠬᠦ ᠲᠣᠪᠣᠶᠢᠮ᠎ᠠ ᠤᠷᠤᠰᠢᠵᠦ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠨᠡ ᠬᠦ ᠳᠤᠲᠠᠭᠤᠳᠠᠯ ᠢ ᠲᠦᠷᠭᠡᠨ ᠨᠥᠬᠦᠪᠦᠷᠢᠯᠡᠬᠦ ᠴᠢᠬᠤᠯᠠᠲᠠᠢ ᠪᠠᠶᠢᠨ᠎ᠠ᠃ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠨᠢ ᠵᠠᠮ ᠬᠠᠷᠢᠯᠴᠠᠭᠠᠨ ᠤ ᠠᠵᠢᠯ ᠲᠦᠷᠦᠯ ᠤᠨ ᠳᠠᠭᠠᠭᠤᠯᠤᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠶᠡᠷᠦᠩᠬᠡᠶᠢᠯᠡᠭᠰᠡᠨ ᠪᠣᠳᠠᠲᠤ ᠬᠦᠴᠦᠨ ᠴᠢᠩᠭ᠎ᠠ᠂ ᠬᠠᠮᠤᠷᠬᠤ ᠠᠵᠢᠯ ᠤᠨ ᠬᠦᠷᠢᠶ᠎ᠡ ᠬᠡᠪᠴᠢᠶ᠎ᠡ ᠥᠷᠭᠡᠨ᠂ ᠬᠤᠶᠠᠷ ᠲᠠᠯ᠎ᠠ ᠪᠠᠷ ᠢᠶᠠᠨ ᠨᠢᠭᠡᠨᠲᠡ ᠭᠦᠨ ᠵᠤᠵᠠᠭᠠᠨ ᠬᠠᠮᠲᠤᠷᠠᠯᠴᠠᠭᠠᠨ ᠤ ᠰᠠᠭᠤᠷᠢ ᠲᠠᠢ ᠪᠠᠶᠢᠵᠦ᠂ ᠢᠷᠡᠭᠡᠳᠦᠢ ᠶᠢᠨ ᠬᠠᠮᠲᠤᠷᠠᠯᠴᠠᠭᠠᠨ ᠤ ᠣᠷᠣᠨ ᠵᠠᠢ ᠴᠤ ᠮᠠᠰᠢ ᠥᠷᠭᠡᠨ ᠠᠭᠤᠳᠠᠮ ᠪᠠᠶᠢᠨ᠎ᠠ᠃ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠯᠦᠭᠡ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠮ ᠬᠠᠷᠢᠯᠴᠠᠭ᠎ᠠ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ᠂ ᠰᠣᠶᠣᠯ ᠵᠢᠭᠤᠯᠴᠢᠯᠠᠯ᠂ ᠬᠦᠷᠢᠶᠡᠯᠡᠩ ᠤᠨ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠪᠦᠬᠦ ᠲᠠᠯ᠎ᠠ ᠶᠢᠨ᠂ ᠬᠦᠨᠵᠡᠬᠡᠢ ᠬᠠᠮᠲᠤᠷᠠᠯᠴᠠᠭ᠎ᠠ ᠶᠢ ᠥᠷᠨᠢᠭᠦᠯᠵᠦ᠂ ᠨᠡᠩ ᠤᠯᠠᠨ ᠴᠢᠨᠠᠷ ᠰᠠᠶᠢᠲᠠᠢ᠂ ᠪᠡᠯᠭᠡ ᠲᠡᠮᠳᠡᠭ ᠤᠨ ᠴᠢᠨᠠᠷᠲᠠᠢ ᠬᠠᠮᠲᠤᠷᠠᠯᠴᠠᠭᠠᠨ ᠤ ᠦᠷ᠎ᠡ ᠪᠦᠲᠦᠭᠡᠯ ᠢ ᠪᠤᠢ ᠪᠣᠯᠭᠠᠬᠤ ᠶᠢ ᠬᠦᠰᠡᠵᠦ ᠪᠠᠶᠢᠨ᠎ᠠ ᠭᠡᠵᠡᠢ᠃
2.jpg
    ᠹᠠᠩ ᠢᠦᠢ ᠳ᠋ᠦᠩ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ᠂ ᠲᠤᠬᠠᠶᠢᠯᠠᠭᠰᠠᠨ ᠠᠵᠢᠯ ᠤᠨ ᠲᠥᠯᠦᠪᠵᠢᠭᠦᠯᠭᠡ ᠵᠡᠷᠭᠡ ᠪᠠᠶᠢᠳᠠᠯ ᠢᠶᠠᠨ ᠲᠠᠨᠢᠯᠴᠠᠭᠤᠯᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠠᠯᠠᠱᠠ ᠳᠤ ᠦᠷᠭᠦᠯᠵᠢᠯᠡᠨ ᠠᠵᠢᠯᠯᠠᠵᠦ᠂ ᠬᠠᠮᠲᠤᠷᠠᠯᠴᠠᠭᠠᠨ ᠤ ᠳᠠᠯᠳᠠ ᠬᠦᠴᠦᠨ ᠢ ᠭᠦᠨᠵᠡᠭᠡᠢ ᠢᠯᠡᠷᠡᠬᠦᠯᠵᠦ᠂ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠯᠠᠱᠠ ᠶᠢᠨ ᠠᠵᠤ ᠠᠬᠤᠢ ᠶᠢᠨ ᠬᠥᠭᠵᠢᠯᠲᠡ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃     ᠠᠶᠢᠮᠠᠭ ᠤᠨ ᠤᠳᠤᠷᠢᠳᠤᠯᠭ᠎ᠠ ᠯᠢᠦ ᡁᠢ ᠴᠢᠶᠠᠩ᠂ ᠪᠦᠦ ᠶᠧ ᠣᠷᠣᠯᠴᠠᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号