ᠠᠯᠠᠱᠠ ᠪᠠᠷᠠᠭᠤᠨ ᠬᠤᠰᠢᠭᠤ ︽ᠳᠣᠯᠠᠭᠠᠯᠠᠭ᠎ᠠ ᠶᠢᠨ ᠢᠨᠵᠧᠨᠧᠷᠢᠩ︾᠎ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠣ ᠪᠠᠶᠢᠨ᠎ᠠ
ᠨᠡᠶᠢᠲᠡᠯᠡᠭᠰᠡᠨ ᠴᠠᠭ᠄
2024/8/27
    ᠡᠨᠡ ᠵᠢᠯ ᠠᠴᠠ ᠨᠠᠭᠠᠰᠢ᠂ ᠠᠯᠠᠱᠠ ᠪᠠᠷᠠᠭᠤᠨ ᠬᠤᠰᠢᠭᠤ ᠪᠥᠬᠦ ᠠᠶᠢᠮᠠᠭ ᠤᠨ ᠬᠤᠲᠠ ᠪᠠᠯᠭᠠᠰᠣᠨ ᠤ ᠢᠯᠴᠢ ᠬᠠᠩᠭᠠᠬᠤ ᠳᠣᠯᠠᠭᠠᠯᠠᠭ᠎ᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠳᠠᠭᠠᠵᠤ᠂ ᠭᠤᠣᠯᠳᠠᠭᠤ ᠢᠯᠴᠢ ᠶᠢᠨ ᠡᠬᠢ ᠰᠤᠷᠪᠤᠯᠵᠢ ᠶᠢ ᠥᠭᠡᠷᠡᠴᠢᠯᠡᠬᠦ᠂ ᠢᠯᠴᠢ ᠶᠢᠨ ᠲᠣᠣᠷ ᠢ ᠰᠢᠨᠡᠳᠭᠡᠬᠦ᠂ ᠢᠯᠴᠢ ᠶᠢᠨ ᠬᠤᠭᠤᠯᠠᠢ ᠶᠢ ᠥᠭᠡᠷᠡᠴᠢᠯᠡᠬᠦ ᠵᠡᠷᠭᠡ ᠲᠠᠯ᠎ᠠ ᠪᠠᠷ ᠠᠰᠠᠭᠤᠳᠠᠯ ᠢ ᠪᠠᠶᠢᠴᠠᠭᠠᠨ ᠳᠤᠲᠠᠭᠤᠳᠠᠯ ᠢ ᠨᠥᠬᠦᠪᠦᠷᠢᠯᠡᠵᠦ᠂ ᠪᠠᠭᠤᠷᠠᠢ ᠲᠠᠯ᠎ᠠ ᠶᠢ ᠠᠳᠬᠤᠨ᠂ ᠡᠯ᠎ᠡ ᠳᠦᠷᠦᠯ ᠤᠨ ᠠᠵᠢᠯ ᠢ ᠲᠣᠭᠲᠠᠭᠤᠨ ᠢᠶᠠᠷ ᠠᠬᠢᠭᠤᠯᠵᠤ᠂ ᠢᠯᠴᠢ ᠬᠠᠩᠭᠠᠬᠤ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠬᠦ ᠶᠢ ᠪᠠᠳᠣᠯᠠᠵᠣ ᠪᠠᠶᠢᠨ᠎ᠠ᠃    ᠣᠶᠢᠷ᠎ᠠ ᠶᠢᠨ ᠡᠳᠣᠷ᠂ ᠢᠯᠴᠢ ᠬᠠᠩᠭᠠᠬᠤ ᠬᠤᠭᠤᠯᠠᠢ ᠲᠣᠣᠷ ᠤᠨ ᠥᠭᠡᠷᠡᠴᠢᠯᠡᠯᠲᠡ ᠶᠢᠨ ᠠᠵᠢᠯ ᠢ ᠶᠠᠭ ᠱᠠᠯᠠᠪᠳᠠᠨ ᠬᠢᠵᠦ᠂ ᠲᠤᠬᠠᠢ ᠶᠢᠨ ᠲᠠᠯᠠᠪᠤᠷ ᠤᠨ ᠠᠵᠢᠯᠲᠠᠳ ᠨᠢᠭᠲᠠ ᠬᠠᠮᠵᠢᠯᠴᠠᠨ᠂ ᠳᠡᠭᠦᠵᠢᠯᠡᠨ ᠤᠭᠰᠠᠷᠠᠬᠤ᠂ ᠳᠡᠪᠢᠰᠭᠦ᠂ ᠭᠠᠩᠨᠠᠬᠤ ᠵᠡᠷᠭᠡ ᠠᠵᠢᠯ ᠢ ᠤᠷᠤᠭᠰᠢᠲᠠᠢ ᠶᠠᠪᠣᠭᠤᠯᠵᠣ ᠪᠠᠶᠢᠨ᠎ᠠ᠃ ᠡᠨᠡ ᠨᠢ ᠠᠯᠠᠱᠠ ᠪᠠᠷᠠᠭᠤᠨ ᠬᠤᠰᠢᠭᠤᠨ ᠤ 2024 ᠣᠨ ᠳᠤ ᠬᠡᠷᠡᠭᠵᠢᠭᠦᠯᠦᠭᠰᠡᠨ ᠬᠤᠲᠠ ᠪᠠᠯᠭᠠᠰᠤᠨ ᠤ ᠢᠯᠴᠢ ᠬᠠᠩᠭᠠᠬᠤ ︽ᠳᠤᠯᠠᠭᠠᠯᠠᠭ᠎ᠠ ᠶᠢᠨ ᠢᠨᠵᠧᠨᠧᠷᠢᠩ︾᠎ ᠤᠨ ᠲᠥᠷᠥᠯ ᠵᠦᠢᠯ ᠤᠨ ᠨᠢᠭᠡ ᠪᠠᠶᠢᠵᠣ᠂ 430 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠢᠯᠴᠢ ᠬᠠᠩᠭᠠᠬᠤ ᠬᠤᠭᠤᠯᠠᠢ ᠶᠢᠨ ᠦᠭᠡᠷᠡᠴᠢᠯᠡᠯᠳᠡ ᠪᠠ ᠪᠤᠰᠤᠳ ᠢᠵᠢ ᠪᠦᠷᠢᠳᠦᠭᠰᠡᠨ ᠳᠠᠭᠠᠯᠲᠠ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠦᠭᠡᠷᠡᠴᠢᠯᠡᠨ᠂ ᠣᠳᠣᠬᠠᠨ ᠳᠤ ᠬᠤᠶᠢᠲᠤ ᠳᠣᠭᠤᠷᠢᠯᠳᠠ ᠵᠠᠮ ᠤᠨ ᠢᠨᠵᠧᠨᠧᠷᠢᠩ ᠢ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃ ᠪᠠᠷᠢᠯᠭ᠎ᠠ ᠶᠢᠨ ᠠᠵᠤ ᠠᠬᠤᠶᠢᠯᠠᠯ ᠤᠨ ᠮᠡᠷᠭᠡᠵᠢᠯᠲᠡᠨ ᠸᠠᠩ ᠺᠧ ᠵᠧᠨ᠄ ︽ᠲᠥᠷᠥᠯ ᠵᠦᠢᠯ ᠢ 8 ᠰᠠᠷ᠎ᠠ ᠶᠢᠨ ᠡᠬᠢᠨ ᠢᠶᠠᠷ ᠡᠬᠢᠯᠡᠬᠦᠯᠵᠣ᠂ ᠣᠲᠣ ᠶᠠᠭ ᠭᠤᠤ ᠮᠠᠯᠳᠠᠵᠣ ᠬᠤᠭᠤᠯᠠᠢ ᠣᠭᠰᠠᠷᠠᠬᠤ ᠪᠠᠷ ᠪᠠᠶᠢᠨ᠎ᠠ᠂ ᠵᠢᠱᠢᠯᠲᠡ ᠪᠠᠷ 10 ᠰᠠᠷ᠎ᠠ ᠳᠤ ᠳᠠᠭᠤᠰᠬᠠᠵᠣ᠂ ᠠᠯᠠᠱᠠ ᠪᠠᠷᠠᠭᠤᠨ ᠬᠤᠰᠢᠭᠤᠨ ᠤ ᠢᠯᠴᠢ ᠬᠠᠩᠭᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠢᠯᠴᠢ ᠬᠠᠩᠭᠠᠬᠤ ᠶᠠᠰᠤ ᠴᠢᠨᠠᠷ ᠢ ᠰᠠᠶᠢᠵᠢᠷᠠᠭᠤᠯᠬᠤ ᠪᠣᠯᠣᠨ᠎ᠠ︾ ᠭᠡᠪᠡ᠃    2024 ᠣᠨ ᠳᠤ ᠠᠯᠠᠱᠠ ᠪᠠᠷᠠᠭᠤᠨ ᠬᠤᠰᠢᠭᠤ ᠬᠤᠲᠠ ᠪᠠᠯᠭᠠᠰᠤᠨ ᠤ ᠢᠯᠴᠢ ᠬᠠᠩᠭᠠᠬᠤ ︽ᠳᠤᠯᠠᠭᠠᠯᠠᠭ᠎ᠠ ᠶᠢᠨ ᠢᠨᠵᠧᠨᠧᠷᠢᠩ︾ ᠵᠢᠴᠢ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ 5 ᠲᠥᠷᠥᠯ ᠵᠦᠢᠯ ᠢ ᠬᠡᠷᠡᠭᠵᠢᠭᠦᠯᠪᠡ᠃ ᠡᠬᠦᠨ ᠳᠤ ᠪᠠᠳᠠᠢ ᠶᠢᠨ ᠵᠢᠷᠠᠨ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠰᠢᠭᠤᠢ ᠵᠠᠮ ᠤᠨ ᠢᠯᠴᠢ ᠬᠠᠩᠭᠠᠬᠤ ᠤᠰᠤ ᠵᠠᠯᠠᠬᠤ ᠬᠤᠭᠤᠯᠠᠢ ᠲᠣᠣᠷ ᠵᠢᠴᠢ ᠵᠠᠮ ᠢ ᠥᠭᠡᠷᠡᠴᠢᠯᠡᠬᠦ ᠲᠥᠷᠥᠯ ᠵᠦᠢᠯ᠂ ᠪᠠᠳᠠᠢ ᠶᠢᠨ ᠵᠢᠷᠠᠨ ᠪᠠᠯᠭᠠᠰᠤᠨ ᠤ ᠬᠤᠲᠠ ᠪᠠᠯᠭᠠᠰᠤᠨ ᠤ ᠢᠯᠴᠢ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ᠂ ᠪᠠᠳᠠᠢ ᠶᠢᠨ ᠵᠢᠷᠠᠨ ᠪᠠᠯᠭᠠᠰᠤᠨ ᠤ 690 ᠮᠦ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ︵ᠢᠯᠴᠢ ᠰᠣᠯᠢᠯᠴᠠᠬᠤ ᠥᠷᠲᠡᠭᠡ ᠶᠢᠨ ᠢᠨᠵᠧᠨᠧᠷᠢᠩ︶᠂ ᠬᠤᠶᠢᠲᠤ ᠳᠣᠭᠤᠷᠢᠯᠳᠠ ᠵᠠᠮ ᠤᠨ ᠢᠯᠴᠢ ᠬᠠᠩᠭᠠᠬᠤ ᠬᠤᠭᠤᠯᠠᠢ ᠲᠣᠣᠷ ᠢ ᠥᠭᠡᠷᠡᠴᠢᠯᠡᠬᠦ ᠳᠦᠷᠦᠯ ᠵᠦᠢᠯ ᠪᠠᠭᠳᠠᠵᠣ ᠪᠣᠢ᠃ ᠡᠭᠦᠨ ᠳᠤ᠂ ᠪᠠᠳᠠᠢ ᠶᠢᠨ ᠵᠢᠷᠠᠨ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ 1.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ 1.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠵᠣᠤᠬ᠎ᠠ ᠶᠢᠨ ᠪᠦᠲᠦᠭᠡᠨ ᠪᠠᠶᠢᠭᠤᠯᠤᠯᠲᠠ ᠵᠢᠴᠢ ᠢᠵᠢ ᠪᠦᠷᠢᠳᠦᠭᠰᠡᠨ ᠳᠠᠭᠠᠯᠲᠠ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠬᠡᠷᠡᠭᠵᠢᠭᠦᠯᠵᠦ᠂ ᠣᠳᠣᠬᠠᠨ ᠳᠤ ᠨᠢᠭᠡᠨᠲᠡ ᠲᠥᠬᠦᠭᠡᠷᠦᠮᠵᠢ ᠶᠢ ᠰᠢᠯᠭᠠᠨ ᠠᠪᠬᠤ ᠠᠵᠢᠯ ᠢ ᠳᠠᠭᠤᠰᠬᠠᠪᠠ᠃ ᠰᠢᠭᠤᠢ ᠵᠠᠮ ᠤᠨ ᠢᠯᠴᠢ ᠬᠠᠩᠭᠠᠬᠤ ᠤᠰᠤ ᠵᠠᠯᠠᠬᠤ ᠬᠤᠭᠤᠯᠠᠢ ᠲᠣᠣᠷ ᠵᠢᠴᠢ ᠵᠠᠮ ᠤᠨ ᠥᠭᠡᠷᠡᠴᠢᠯᠡᠯᠲᠡ ᠶᠢᠨ ᠲᠥᠷᠥᠯ ᠵᠦᠢᠯ ᠳᠤ ᠨᠡᠶᠢᠲᠡ 1688 ᠲᠦᠮᠡᠨ ᠲᠥᠭᠦᠷᠢᠭ ᠤᠨ ᠪᠡᠯᠡ ᠣᠷᠣᠭᠤᠯᠵᠤ ᠂ 1300 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠳᠦᠯᠦᠪᠯᠡᠨ᠂ ᠨᠢᠭᠡᠨᠲᠡ ᠢᠯᠴᠢ ᠬᠠᠩᠭᠠᠬᠤ ᠲᠣᠣᠷ ᠬᠤᠭᠤᠯᠠᠢ ᠶᠢᠨ ᠥᠭᠡᠷᠡᠴᠢᠯᠡᠯᠲᠡ ᠶᠢ 2.2 ᠺᠢᠯᠣᠮᠧᠲᠷ ᠪᠡᠶᠡᠯᠡᠭᠦᠯᠵᠦ᠂ ᠬᠤᠶᠠᠳᠠᠭᠢ ᠤᠳᠠᠭ᠎ᠠ ᠶᠢᠨ ᠲᠣᠣᠷ ᠬᠤᠭᠤᠯᠠᠢ ᠶᠢᠨ ᠥᠭᠡᠷᠡᠴᠢᠯᠡᠯᠲᠡ ᠶᠢ 320 ᠮᠧᠲᠷ ᠪᠡᠶᠡᠯᠡᠭᠦᠯᠵᠦ᠂ ᠵᠠᠮ ᠤᠨ ᠨᠢᠭᠤᠷ ᠤᠨ ᠳᠠᠪᠬᠤᠷᠭ᠎ᠠ ᠶᠢ ᠳᠡᠪᠢᠰᠭᠦ ᠪᠠ ᠪᠤᠰᠤᠳ ᠳᠠᠭᠠᠯᠲᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠬᠦᠯᠬᠦ ᠪᠠᠷ ᠪᠠᠶᠢᠨ᠎ᠠ᠃    ᠪᠠᠳᠠᠢ ᠶᠢᠨ ᠵᠢᠷᠠᠨ ᠪᠠᠯᠭᠠᠰᠤᠨ ᠤ ᠬᠤᠲᠠ ᠪᠠᠯᠭᠠᠰᠤᠨ ᠤ ᠢᠯᠴᠢ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠳᠤ 3000 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ 150 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠥᠬᠦ ᠬᠤᠰᠢᠭᠤᠨ ᠤ 11 ᠢᠯᠴᠢ ᠰᠣᠯᠢᠯᠴᠠᠬᠤ ᠥᠷᠲᠡᠭᠡ ᠶᠢᠨ ᠢᠯᠴᠢ ᠰᠣᠯᠢᠬᠤ ᠬᠠᠪᠲᠠᠰᠤ ᠶᠢ ᠨᠡᠮᠡᠭᠳᠡᠭᠦᠯᠬᠦ ᠪᠠ ᠰᠣᠯᠢᠬᠤ ᠠᠵᠢᠯ ᠢ ᠨᠢᠭᠡᠨᠲᠡ ᠪᠡᠶᠡᠯᠡᠭᠦᠯᠵᠦ᠂ ᠵᠤᠯᠠ ᠰᠠᠭᠤᠭᠠᠯᠢ ᠲᠣᠭᠤᠷᠢᠭ᠂ ᠲᠦᠩ ᠽᠧ ᠶᠤᠸᠠᠨ ᠰᠠᠭᠤᠭᠠᠯᠢ ᠲᠣᠭᠤᠷᠢᠭ᠂ ᠰᠤᠷᠭᠠᠨ ᠬᠥᠮᠦᠵᠢᠯ ᠤᠨ ᠰᠠᠭᠤᠭᠠᠯᠢ ᠲᠣᠭᠤᠷᠢᠭ ᠵᠡᠷᠭᠡ ᠰᠠᠭᠤᠭᠠᠯᠢ ᠲᠣᠭᠤᠷᠢᠭ ᠤᠨ 40 ᠨᠢᠭᠡᠴᠢ ᠶᠢᠨ ᠠᠰᠠᠷ ᠤᠨ ᠪᠣᠰᠤᠭ᠎ᠠ ᠬᠤᠭᠤᠯᠠᠢ ᠶᠢᠨ ᠥᠭᠡᠷᠡᠴᠢᠯᠡᠯᠲᠡ ᠶᠢᠨ 4000 ᠮᠧᠲᠷ ᠢ ᠪᠡᠶᠡᠯᠡᠭᠦᠯᠵᠦ᠂ ᠡᠷᠦᠬᠡ ᠳᠤ ᠣᠷᠣᠬᠤ ᠠᠵᠢᠯ ᠢ ᠵᠡᠷᠭᠡ ᠪᠠᠷ ᠪᠡᠶᠡᠯᠡᠬᠦᠯᠵᠣ ᠪᠠᠶᠢᠨ᠎ᠠ᠃ ᠪᠠᠳᠠᠢ ᠶᠢᠨ ᠵᠢᠷᠠᠨ ᠪᠠᠯᠭᠠᠰᠤᠨ ᠤ 690 ᠮᠦ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠢ ᠰᠢᠨ᠎ᠡ ᠪᠠᠷ ᠪᠠᠶᠢᠭᠤᠯᠬᠤ ᠲᠥᠷᠥᠯ ᠵᠦᠢᠯ ︵ᠢᠯᠴᠢ ᠰᠣᠯᠢᠯᠴᠠᠬᠤ ᠥᠷᠲᠡᠭᠡ ᠶᠢᠨ ᠢᠨᠵᠧᠨᠧᠷᠢᠩ︶᠎ ᠳᠤ 250 ᠲᠦᠮᠡᠨ ᠲᠥᠭᠦᠷᠢᠭ ᠤᠨ ᠪᠡᠯᠡ ᠣᠷᠣᠭᠤᠯᠵᠤ᠂ 150 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠨᠢᠭᠡᠨᠲᠡ ᠢᠯᠴᠢ ᠰᠣᠯᠢᠯᠴᠠᠬᠤ ᠥᠷᠲᠡᠭᠡ ᠶᠢᠨ ᠭᠤᠣᠯ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠣᠲᠣ ᠢᠯᠴᠢ ᠰᠣᠯᠢᠯᠴᠠᠬᠤ ᠥᠷᠲᠡᠭᠡ ᠶᠢᠨ ᠲᠥᠬᠦᠭᠡᠷᠦᠮᠵᠢ ᠶᠢ ᠬᠤᠳᠠᠯᠳᠤᠨ ᠠᠪᠴᠤ ᠪᠠᠶᠢᠨ᠎ᠠ᠃ ︽ᠣᠲᠣ ᠪᠣᠯᠲᠠᠯ᠎ᠠ᠂ ᠪᠥᠬᠦ ᠬᠤᠰᠢᠭᠤᠨ ᠤ ᠳᠣᠯᠠᠭᠠᠯᠠᠭ᠎ᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠨᠢᠭᠡᠨᠲᠡ 70%᠎ ᠳᠤ ᠬᠦᠷᠴᠦ᠂ ᠵᠢᠱᠢᠯᠲᠡ ᠪᠠᠷ 10 ᠰᠠᠷ᠎ᠠ ᠶᠢᠨ ᠳᠤᠯᠠᠭᠠᠯᠠᠭ᠎ᠠ ᠠᠴᠠ ᠡᠮᠦᠨ᠎ᠡ ᠪᠦᠬᠦᠨ ᠢ ᠳᠠᠭᠤᠰᠬᠠᠨ᠎ᠠ︾ ᠭᠡᠵᠦ ᠠᠯᠠᠱᠠ ᠪᠠᠷᠠᠭᠤᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠰᠢᠦᠢ ᠫᠧᠩ ᠶᠠᠷᠢᠯ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号