ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠪᠠ
ᠨᠡᠶᠢᠲᠡᠯᠡᠭᠰᠡᠨ ᠴᠠᠭ᠄
2024/8/27
    8 ᠰᠠᠷ᠎ᠠ ᠶᠢᠨ 26 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ  ᠤ ᠬᠤᠯᠪᠣᠭᠳᠠᠯ ᠪᠦᠬᠦᠢ ᠬᠤᠷᠠᠯ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠳᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ  ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ ᠢ ᠡᠷᠭᠢᠯᠡᠪᠡ᠃    ᠬᠤᠷᠠᠯ ᠳᠤ 8 ᠰᠠᠷ᠎ᠠ ᠶᠢᠨ 23 ᠤ ᠡᠳᠦᠷ ᠬᠤᠷᠠᠯᠳᠤᠭᠰᠠᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ᠂ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠡᠵᠡᠮᠳᠡᠵᠦ᠂ ᠶᠡᠭᠡ ᠬᠠᠮᠠᠭᠠᠯᠠᠯᠲᠠ᠂ ᠶᠡᠭᠡ ᠨᠡᠭᠡᠭᠡᠯᠲᠡ᠂ ᠴᠢᠨᠠᠷ ᠰᠠᠶᠢᠲᠠᠶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠤᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠲᠠᠢ ᠤᠶᠠᠯᠳᠤᠭᠤᠯᠤᠨ᠂  ᠡᠯᠡᠰᠦᠷᠭᠡᠭᠵᠢᠯ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠨᠴᠠᠯᠢᠬᠳᠤ ᠠᠵᠤ ᠦᠢᠯᠡᠰ ᠢ ᠬᠦᠭᠵᠢᠬᠦᠯᠬᠦ ᠵᠡᠷᠭᠡ ᠭᠤᠤᠯᠳᠠᠯᠭ᠎ᠠ ᠲᠠᠢ  ᠬᠦᠷᠢᠶ᠎ᠡ  ᠶᠢ ᠤᠷᠢᠳᠴᠢᠯᠠᠨ ᠲᠥᠯᠥᠪᠵᠢᠭᠦᠯᠵᠦ᠂ ᠭᠦᠨᠵᠡᠭᠡᠶ ᠰᠤᠳᠤᠯᠤᠨ᠂ ᠬᠦᠴᠦᠯᠡᠬᠦ ᠴᠡᠭ᠂ ᠵᠤᠬᠢᠴᠠᠯᠳᠤᠬᠤ ᠴᠡᠭ ᠢᠶᠠᠨ ᠣᠨᠣᠪᠴᠢᠲᠠᠶ ᠣᠯᠵᠤ᠂ ᠨᠠᠩ ᠣᠯᠠᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠳᠤ ᠶᠡᠷᠦᠩᠬᠡᠶ ᠱᠦᠵᠢ ᠰᠢ ᠶᠢᠨ ᠫᠢᠩ ᠤᠨ ᠳ᠋ᠧᠩ ᠰᠢᠶᠤᠤ ᠫᠢᠩ ᠨᠥᠬᠦᠷ ᠮᠡᠨᠳᠦᠯᠡᠭᠰᠡᠨ 120 ᠵᠢᠯ ᠤᠨ ᠣᠶ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠤ ᠽᠧ ᠳ᠋ᠦᠩ᠂ ᠳ᠋ᠧᠩ ᠰᠢᠶᠤᠤ ᠫᠢᠩ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠨᠡᠭᠡᠭᠡᠭᠰᠡᠨ ᠵᠠᠮ᠂ ᠶᠡᠷᠦᠩᠬᠡᠶ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠥᠬᠡᠶ ᠤᠷᠤᠭᠰᠢᠯᠠᠬᠤ ᠶᠢ ᠪᠠᠷᠢᠮᠲᠠᠯᠠᠨ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠰᠡᠳᠬᠢᠯ ᠢᠶᠠᠨ ᠨᠢᠭᠡᠳᠬᠡᠨ ᠴᠤᠭ ᠰᠦᠯᠳᠡ ᠪᠠᠨ ᠪᠠᠳᠠᠷᠠᠭᠤᠯᠵᠤ᠂ ᠢᠲᠡᠭᠡᠯ ᠪᠢᠰᠢᠷᠡᠯ ᠢᠶᠠᠨ ᠪᠠᠲᠤᠳᠬᠠᠨ᠂ ᠣᠶᠤᠨ ᠤᠬᠠᠭᠠᠨ ᠬᠦᠴᠦᠨ ᠴᠢᠳᠠᠯ ᠢ ᠰᠢᠩᠭᠡᠭᠡᠨ ᠠᠪᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠠᠵᠢᠯ ᠤᠨ ᠭᠤᠤᠯ ᠱᠤᠭᠤᠮ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠥᠭᠡᠷᠡᠴᠢᠯᠡᠯᠲᠡ ᠶᠢ ᠠᠳᠬᠤᠨ᠂ ᠬᠥᠭᠵᠢᠯᠲᠡ ᠶᠢ ᠠᠬᠢᠭᠤᠯᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠢᠷᠭᠤᠭᠠᠨ ᠢᠨᠵᠧᠨᠧᠷᠢᠩ ᠢ ᠬᠡᠷᠡᠭᠵᠢᠭᠦᠯᠤᠨ᠂ ᠠᠯᠠᠱᠠ ᠶᠢᠨ ᠣᠳᠣᠬᠢᠴᠢᠯᠠᠯᠲᠠ ᠶᠢᠨ ᠦᠢᠯᠡᠰ ᠤᠨ ᠨᠠᠩ ᠰᠠᠶᠢᠨ ᠨᠠᠩ ᠲᠦᠷᠭᠡᠨ ᠬᠥᠭᠵᠢᠯᠲᠡ ᠶᠢ ᠴᠢᠷᠮᠠᠶᠢᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 33 ᠳ᠋ᠤᠭᠠᠷ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠢ ᠬᠦᠯᠢᠶᠡᠨ ᠠᠪᠴᠤ ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ  ᠳᠣᠣᠱᠯᠠᠭᠤᠯᠵᠦ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠭᠦᠨᠵᠡᠭᠡᠢ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠠ ᠰᠠᠭᠤᠷᠢ ᠴᠢᠨᠠᠷᠲᠠᠢ ᠦᠢᠯᠡᠴᠢᠯᠡᠭᠡ ᠬᠠᠩᠭᠠᠯᠭ᠎ᠠ ᠶᠢ ᠥᠷᠭᠡᠳᠬᠡᠨ᠂ ᠣᠷᠣᠨ ᠨᠤᠲᠤᠭ ᠤᠨ ᠣᠨᠴᠠᠯᠢᠭ ᠲᠠᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠦᠷᠦᠯ ᠵᠦᠢᠯ ᠢ ᠶᠡᠭᠡ ᠪᠠᠷ ᠬᠥᠭᠵᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠂ ᠮᠦᠷᠦᠶᠢᠴᠡᠬᠡᠨ ᠤ ᠪᠡᠶ᠎ᠡ ᠶᠢᠨ ᠲᠠᠮᠢᠷ ᠪᠣᠯᠤᠨ ᠤᠯᠠᠨ ᠲᠦᠮᠡᠨ ᠤ ᠪᠡᠶ᠎ᠡ ᠶᠢᠨ ᠲᠠᠮᠢᠷ ᠤᠨ ᠬᠠᠷᠢᠯᠴᠠᠨ ᠨᠥᠬᠦᠴᠡᠯᠳᠦᠯ ᠢ ᠠᠬᠢᠭᠤᠯᠵᠤ᠂ ᠪᠦᠬᠦ ᠠᠷᠠᠳ ᠤᠨ ᠮᠦᠷᠦᠶᠢᠴᠡᠬᠡᠨ ᠤ ᠬᠢᠷᠢ ᠲᠦᠪᠰᠢᠨ ᠪᠣᠯᠤᠨ ᠡᠷᠡᠭᠦᠯ ᠮᠡᠨᠳᠦ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠬᠡᠵᠡᠢ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠤᠪᠸᠢ ᠶᠢᠨ ᠱᠢ ᠶᠠᠨ ᠤ ᠳ᠋ᠠᠨ ᠵᠢᠶᠠᠩ ᠺᠸᠤ ᠴᠥᠭᠦᠷᠥᠮ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠲᠤᠷᠠᠴᠤᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠤᠨ᠂ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠪᠠᠷᠠᠭᠤᠨ ᠣᠷᠣᠨ ᠤ ᠡᠯᠡᠰᠦᠷᠭᠡᠭᠵᠢᠯ ᠢ ᠶᠡᠷᠦᠩᠬᠡᠶᠢᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠡᠷᠡᠰ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠰᠠᠨ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠥᠷᠭᠡᠨ ᠣᠯᠠᠨ ᠰᠠᠶᠢᠨ ᠳᠤᠷᠠᠴᠤᠳ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠲᠠᠶᠢᠴᠢᠯᠠᠨ ᠪᠦᠬᠦ ᠠᠶᠢᠮᠠᠭ ᠤᠨ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠪᠦᠬᠦ ᠤᠯᠤᠰ ᠤᠨ ᠠᠷᠢᠭᠤᠨ ᠴᠡᠪᠡᠷ ᠬᠤᠳᠠ ᠶᠢ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠢ ᠣᠷᠣᠯᠴᠠᠭᠤᠯᠤᠨ ᠬᠡᠷᠡᠭᠲᠡᠶ ᠬᠡᠵᠤ ᠴᠢᠬᠤᠯᠠᠴᠢᠯᠠᠵᠠᠢ᠃    ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ︾ ᠪᠣᠯᠤᠨ ᠥᠪᠡᠷᠲᠡᠭᠡᠨ ᠵᠠᠰᠠᠬᠤ ᠣᠷᠣᠨ ᠤ ︽ᠳᠣᠣᠱᠯᠠᠭᠤᠯᠣᠨ ᠨᠠᠶᠢᠳᠠᠪᠤᠷᠢᠵᠢᠭᠤᠯᠬᠤ ᠰᠠᠨᠠᠯ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ ᠪᠠᠶᠢᠬᠤ ᠱᠠᠭᠠᠷᠳᠠᠯᠭ᠎ᠠ ᠶᠤᠰᠤᠭᠠᠷ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠦᠴᠦᠨ ᠢᠶᠠᠨ ᠲᠥᠪᠯᠡᠷᠡᠭᠦᠯᠦᠨ ᠲᠤᠰᠬᠠᠢ ᠲᠦᠷᠦᠯ ᠤᠨ ᠴᠡᠭᠴᠡᠯᠡᠨ ᠵᠠᠰᠠᠯᠳᠠ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠥᠷᠨᠢᠭᠦᠯᠵᠦ᠂ ᠥᠷᠭᠡᠨ ᠤᠯᠠᠨ ᠦᠨᠳᠦᠰᠦᠨ ᠱᠠᠲᠤᠨ ᠤ ᠺᠠᠳ᠋ᠷᠴᠤᠳ ᠢ ᠨᠡᠩ ᠤᠯᠠᠨ ᠴᠠᠭ ᠪᠣᠯᠤᠨ ᠤᠶᠤᠨ ᠴᠢᠳᠠᠯ ᠢᠶᠠᠨ ᠬᠥᠭᠵᠢᠯᠲᠡ ᠶᠢ ᠠᠬᠢᠭᠤᠯᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠳᠡᠭᠡᠷ᠎ᠡ ᠬᠠᠨᠳᠤᠭᠤᠯᠬᠤ ᠬᠡᠷᠡᠭᠲᠡᠢ ᠬᠡᠵᠡᠢ᠃    ᠬᠤᠷᠠᠯ ᠳᠤ ᠪᠥᠬᠦ ᠠᠶᠢᠮᠠᠭ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠠ ᠪᠥᠬᠦ ᠠᠶᠢᠮᠠᠭ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ᠂ ᠪᠠᠭᠰᠢ ᠶᠢᠨ  ᠡ᠊ᠩᠨᠡᠬᠡᠨ ᠤ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠠᠶᠢᠩᠭᠤᠵᠢᠬᠰᠠᠨ ᠣᠷᠳᠣ ᠬᠤᠭᠤᠴᠠᠭᠠᠨ ᠤ ᠪᠦᠲᠦᠮᠵᠢᠲᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠪᠠ ᠪᠠᠭᠰᠢ ᠶᠢᠨ ᠡ᠊ᠩᠨᠡᠬᠡᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠱᠠᠭᠠᠷᠳᠠᠯᠭ᠎ᠠ ᠲᠤᠷᠠᠳᠴᠡᠢ᠃    ᠬᠤᠷᠠᠯ ᠳᠤ ᠪᠠᠰᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号