ᠠᠶᠢᠮᠠᠭ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/8/27
    8 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠠᠶᠢᠮᠠᠭ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ 2024 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ᠂ ᠨᠠᠮ ᠤᠨ ᠰᠤᠷᠭᠠᠭᠤᠯᠢ ᠶᠢᠨ ᠵᠠᠬᠢᠷᠤᠯ ᠬᠤᠸᠠᠩ ᠶᠠ ᠯᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠸᠢ ᠬᠠᠶ ᠬᠤᠷᠠᠯ ᠢ ᠡᠷᠭᠢᠯᠡᠪᠡ᠃
1.jpg
    ᠬᠤᠸᠠᠩ ᠶᠠ ᠯᠢ᠂ ᠡᠯ᠎ᠡ ᠱᠠᠲᠤᠨ ᠤ ᠨᠠᠮ ᠤᠨ ᠭᠡᠰᠢᠭᠦᠨ  ᠺᠠᠳ᠋ᠷᠴᠤᠳ ᠨᠠᠮ ᠤᠨ ᠰᠤᠷᠭᠠᠭᠤᠯᠢ ᠳᠤ ᠰᠤᠷᠤᠯᠴᠠᠬᠤ ᠡᠷᠬᠢᠮ ᠨᠠᠨᠳᠢᠨ ᠠᠵᠠ ᠲᠣᠬᠢᠶᠠᠯ ᠢ ᠨᠠᠨᠳᠢᠩᠨᠠᠨ᠂ ᠪᠠᠶᠢᠪᠠᠰᠤ ᠵᠣᠬᠢᠬᠤ ᠤᠶᠤᠨ ᠰᠠᠨᠠᠭᠠᠨ ᠤ ᠴᠤᠭ ᠰᠦᠯᠳᠡ ᠪᠣᠯᠤᠨ ᠬᠠᠷᠢᠭᠤᠴᠠᠯᠭ᠎ᠠ ᠡᠭᠦᠷᠭᠡᠯᠡᠯ ᠢᠶᠠᠷ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠠᠭᠠᠵᠤ᠂ ᠠᠵᠢᠯ ᠬᠢᠵᠦ ᠦᠢᠯᠡᠰ ᠪᠤᠰᠬᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠤᠨ᠂ ᠪᠦᠬᠦ ᠠᠶᠢᠮᠠᠭ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠳᠤᠮᠳᠠ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠨᠠᠮ ᠤᠨ ᠬᠤᠷᠢᠳᠤᠭᠠᠷ  ᠬᠤᠭᠤᠴᠠᠭᠠᠨ  ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠨᠡᠪᠳᠡᠷᠡᠳᠡᠯ᠎ᠡ ᠦᠢᠯᠠᠭᠠᠨ ᠬᠦᠨᠵᠡᠬᠡᠶᠢᠷᠡᠬᠦᠯᠵᠦ ᠰᠤᠷᠤᠯᠴᠠᠨ᠂ ᠠᠰᠠᠭᠤᠳᠠᠯ ᠲᠠᠢ ᠤᠶᠠᠯᠳᠤᠭᠤᠯᠤᠨ ᠨᠠᠷᠢᠨ ᠨᠢᠮᠪᠠᠢ ᠰᠦᠪᠡᠭᠴᠢᠯᠡᠵᠤ᠂ ᠪᠤᠳᠠᠳᠡᠢ ᠲᠠᠢ ᠤᠶᠠᠯᠳᠤᠭᠤᠯᠤᠨ ᠵᠢᠩᠬᠢᠨᠢ ᠪᠠᠷ ᠨᠠᠶᠢᠳᠠᠪᠦᠷᠢᠵᠢᠭᠤᠯᠤᠨ᠂ ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠵᠤ ᠪᠠᠶᠢᠭ᠎ᠠ ᠨᠢ ᠶᠠᠭᠤᠨ ᠳᠤ ᠥᠭᠡᠷᠡᠴᠢᠯᠡᠬᠦ᠂ ᠶᠠᠭᠤ ᠶᠢ ᠥᠭᠡᠷᠡᠴᠢᠯᠡᠬᠦ᠂ ᠶᠠᠭᠠᠬᠢᠵᠤ ᠥᠭᠡᠷᠡᠴᠢᠯᠡᠬᠦ ᠵᠡᠷᠭᠡ ᠴᠢᠬᠤᠯᠠ ᠶᠡᠭᠡ ᠠᠰᠠᠭᠤᠳᠠᠯ ᠢ ᠦᠨᠡᠨ ᠬᠦ ᠦᠢᠯᠠᠭᠠᠵᠤ᠂ ᠥᠪᠡᠷ  ᠤᠨ ᠦᠵᠡᠯ ᠰᠠᠨᠠᠭ᠎ᠠ᠂ ᠦᠢᠯᠡ ᠠᠵᠢᠯᠯᠠᠭ᠎ᠠ᠂ ᠬᠡᠪ ᠪᠠᠶᠢᠳᠠᠯ ᠢᠶᠠᠨ ᠦᠬᠡᠷᠡᠴᠢᠯᠡᠯᠳᠡ ᠶᠢᠨ ᠱᠠᠭᠠᠷᠳᠠᠯᠭ᠎ᠠ ᠳᠤ ᠳᠠᠭᠠᠭᠤᠯᠬᠤ ᠬᠡᠷᠡᠭᠲᠡᠢ᠃ ᠡᠷᠳᠡᠮ ᠴᠢᠳᠠᠪᠤᠷᠢ ᠪᠠᠨ ᠳᠡᠭᠡᠭᠰᠢᠯᠡᠭᠦᠯᠬᠦ ᠳᠡᠭᠡᠷ᠎ᠡ ᠬᠦᠴᠦ ᠪᠠᠨ ᠲᠠᠯᠪᠢᠨ᠂ ᠰᠢᠨ᠎ᠡ ᠪᠠᠶᠢᠳᠠᠯ ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠲᠠᠢ ᠵᠣᠬᠢᠴᠠᠵᠤ᠂ ᠣᠨᠣᠯ ᠤᠨ ᠰᠤᠷᠤᠯᠴᠠᠯᠭ᠎ᠠ ᠪᠠ ᠲᠥᠷᠥ ᠶᠢᠨ ᠪᠣᠳᠣᠯᠭ᠎ᠠ ᠶᠢᠨ ᠰᠤᠳᠤᠯᠭᠠᠨ ᠢᠶᠠᠨ ᠴᠢᠩᠭᠠᠳᠬᠠᠨ᠂ ᠬᠠᠤᠯᠢ ᠲᠦᠷᠢᠮ ᠶᠣᠰᠣᠭᠠᠷ ᠠᠵᠢᠯ ᠢᠶᠠᠨ ᠦᠷᠨᠢᠬᠦᠯᠬᠦ ᠬᠢᠷᠢ ᠲᠦᠪᠰᠢᠨ ᠢᠶᠠᠨ ᠳᠡᠭᠡᠭᠰᠢᠯᠡᠬᠦᠯᠵᠤ᠂ ︽ᠦᠢᠯᠡᠰ ᠪᠦᠳᠦᠭᠰᠡᠨ ᠨᠢ ᠵᠦᠪᠬᠡᠨ ᠨᠠᠮᠠᠢᠢ ᠲᠦᠰᠢᠭᠰᠡᠨ ᠪᠢᠰᠢ᠂ ᠦᠢᠯᠡᠰ ᠪᠦᠳᠦᠬᠡᠬᠦ ᠳᠤ ᠯᠠᠪᠳᠡᠢ ᠪᠢ ᠪᠠᠶᠢᠬᠤ︾  ᠬᠡᠪ ᠪᠠᠭᠳᠠᠭᠠᠮᠵᠢ᠂ ︽ᠳᠠᠷᠦ᠋ᠢᠬᠠᠨ ᠬᠢᠵᠦ᠂ ᠦᠨᠡᠨ ᠪᠣᠳᠠᠲᠠᠶ ᠠᠵᠢᠯᠯᠠᠬᠤ︾ ᠬᠡᠪ ᠰᠤᠷᠲᠠᠯ ᠢᠶᠠᠷ ᠠᠵᠢᠯ ᠤᠨ ᠪᠠᠶᠢᠷᠢ ᠳᠠᠭᠠᠨ ᠰᠠᠭᠤᠷᠢᠯᠠᠨ ᠠᠯᠠᠱᠠ ᠶᠢᠨ ᠶᠠᠪᠤᠳᠠᠯ ᠢ ᠪᠣᠳᠠᠲᠠᠶ ᠰᠠᠶᠢᠲᠤᠷ ᠬᠢᠬᠦ ᠬᠡᠷᠡᠭᠲᠡᠶ ᠬᠡᠵᠡᠢ᠃
2.jpg
     ᠬᠤᠸᠠᠩ ᠶᠠ ᠯᠢ᠂ ᠨᠠᠮ ᠤᠨ ᠰᠤᠷᠭᠠᠭᠤᠯᠢ ᠪᠣᠯ ᠺᠠᠳ᠋ᠷ ᠤᠨ ᠬᠥᠮᠦᠵᠢᠯ ᠪᠣᠯᠪᠠᠰᠤᠷᠠᠯ ᠤᠨ ᠭᠤᠣᠯ ᠵᠢᠭᠰᠠᠭᠠᠯ ᠤᠨ ᠭᠠᠵᠠᠷ ᠮᠥᠨ᠂ ᠪᠦᠬᠦ ᠣᠷᠣᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠠᠬᠢᠷᠤᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠤᠷᠭᠠᠭᠤᠯᠢ ᠡᠷᠬᠢᠯᠡᠬᠦ ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠤᠨ ᠰᠤᠷᠭᠠᠭᠤᠯᠢ ᠡᠷᠬᠢᠯᠡᠬᠦ ᠬᠡᠪ ᠵᠠᠭᠪᠤᠷ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠨᠤᠯ ᠪᠤᠳᠤᠯᠭ᠎ᠠ ᠶᠢᠨ ᠰᠤᠳᠤᠯᠭᠠᠨ ᠢ ᠴᠢᠩᠭᠠᠳᠬᠠᠨ᠂ ᠬᠢᠴᠢᠶᠡᠯ ᠤᠨ ᠲᠥᠯᠥᠪᠯᠡᠭᠡ ᠪᠠᠨ ᠰᠢᠯᠢᠳᠡᠭᠵᠢᠭᠦᠯᠵᠦ᠂ ᠵᠢᠭᠠᠨ ᠰᠤᠷᠭᠠᠯᠲᠠ ᠶᠢᠨ ᠲᠤᠬᠢᠷᠠᠭᠤᠯᠤᠯᠳᠠ ᠪᠠᠨ ᠰᠠᠶᠢᠵᠢᠷᠠᠭᠤᠯᠤᠨ᠂ ᠡᠯ᠎ᠡ ᠱᠠᠳᠤ ᠡᠯ᠎ᠡ ᠲᠦᠷᠦᠯ ᠤᠨ ᠺᠠᠳ᠋ᠷ ᠤᠨ ᠬᠥᠮᠦᠵᠢᠯ ᠪᠣᠯᠪᠠᠰᠤᠷᠠᠯ ᠢ ᠲᠥᠯᠥᠪᠯᠡᠭᠡ ᠲᠠᠢ᠂ ᠠᠯᠬᠤᠮ ᠳᠠᠷᠠᠭ᠎ᠠ ᠲᠠᠢ᠂ ᠱᠠᠳᠣ ᠬᠤᠪᠢᠶᠠᠨ ᠰᠠᠶᠢᠲᠤᠷ ᠠᠳᠬᠤᠵᠤ᠂ ᠬᠥᠮᠦᠵᠢᠯ ᠪᠣᠯᠪᠠᠰᠤᠷᠠᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠬᠥᠮᠦᠵᠢᠯ ᠪᠣᠯᠪᠠᠰᠤᠷᠠᠯ ᠤᠨ ᠰᠠᠬᠢᠯᠭ᠎ᠠ ᠪᠠᠲᠤ ᠶᠢ ᠴᠢᠩᠳᠠᠯᠠᠨ᠂ ᠰᠤᠷᠭᠠᠭᠤᠯᠢ ᠡᠷᠬᠢᠯᠡᠨ ᠰᠤᠷᠭᠠᠭᠤᠯᠢ ᠪᠠᠨ ᠵᠠᠰᠠᠬᠤ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠬᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号