ᠥᠪᠡᠷᠲᠡᠭᠡᠨ ᠵᠠᠰᠠᠬᠤ ᠣᠷᠣᠨ ᠨᠠᠮ ᠤᠨ ᠭᠠᠳᠠᠨᠠᠬᠢ ᠠᠺᠠᠳᠧᠮᠢᠴᠢ ᠲᠤᠰᠬᠠᠶ ᠮᠡᠷᠭᠡᠵᠢᠯᠲᠡᠨ ᠭᠠᠳᠠᠭᠠᠳᠤ ᠳᠤ ᠰᠤᠷᠤᠯᠴᠠᠭᠰᠠᠳ ᠤᠨ ᠤᠯᠤᠰ ᠤᠨ ᠪᠠᠶᠢᠳᠠᠯ ᠢ ᠰᠢᠨᠵᠢᠯᠡᠨ ᠪᠠᠶᠢᠴᠠᠭᠠᠬᠤ ᠦᠢᠯᠡᠴᠢᠯᠡᠭᠡᠨ ᠤ ᠪᠦᠯᠬᠦᠮ ᠯᠦᠭᠡ ᠶᠠᠷᠢᠯᠴᠠᠬᠤ ᠬᠤᠷᠠᠯ ᠭᠢᠪᠠ
ᠨᠡᠶᠢᠲᠡᠯᠡᠭᠰᠡᠨ ᠴᠠᠭ᠄
2024/8/27
    ᠣᠶᠢᠷ᠎ᠠ ᠳᠤ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠠᠴᠠ ᠨᠠᠮ ᠤᠨ ᠭᠠᠳᠠᠨᠠᠬᠢ ᠠᠺᠠᠳᠧᠮᠢᠴᠢ ᠲᠤᠰᠬᠠᠶ ᠮᠡᠷᠭᠡᠵᠢᠯᠲᠡᠨ ᠪᠣᠯᠤᠨ ᠭᠠᠳᠠᠭᠠᠳᠤ ᠳᠤ ᠰᠤᠷᠤᠯᠴᠠᠭᠰᠠᠳ ᠤᠨ ᠤᠯᠤᠰ ᠤᠨ ᠪᠠᠶᠢᠳᠠᠯ ᠢ ᠰᠢᠨᠵᠢᠯᠡᠨ ᠪᠠᠶᠢᠴᠠᠭᠠᠬᠤ ᠦᠢᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠵᠤ ᠥᠪᠥᠷ ᠮᠣᠩᠭᠤᠯ ᠳᠤ ᠢᠷᠡᠵᠦ ᠠᠵᠢᠯ ᠥᠷᠨᠢᠭᠦᠯᠪᠡ᠃ 8 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠰᠢᠨᠵᠢᠯᠡᠨ ᠪᠠᠶᠢᠴᠠᠭᠠᠬᠤ ᠦᠢᠯᠡᠴᠢᠯᠡᠭᠡᠨ ᠤ ᠪᠦᠯᠬᠦᠮ ᠯᠦᠭᠡ ᠶᠠᠷᠢᠯᠴᠠᠬᠤ ᠬᠤᠷᠠᠯ ᠭᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠪᠡ᠃    ᠶᠠᠷᠢᠯᠴᠠᠬᠤ ᠬᠤᠷᠠᠯ ᠳᠡᠭᠡᠷ᠎ᠡ᠂ ᠰᠢᠨᠵᠢᠯᠡᠨ ᠪᠠᠶᠢᠴᠠᠭᠠᠬᠤ ᠦᠢᠯᠡᠴᠢᠯᠡᠭᠡᠨ ᠤ ᠪᠦᠯᠬᠦᠮ ᠤᠨ ᠳᠠᠷᠤᠭ᠎ᠠ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠵᠠᠬᠢᠷᠤᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠪᠦᠦ ᠰᠢᠨ ᠾᠧ ᠰᠢᠨᠵᠢᠯᠡᠨ ᠪᠠᠶᠢᠴᠠᠭᠠᠬᠤ ᠦᠢᠯᠡᠴᠢᠯᠡᠭᠡᠨ ᠤ ᠪᠦᠯᠬᠦᠮ ᠤᠨ ᠥᠪᠥᠷ ᠮᠣᠩᠭᠤᠯ ᠳᠠᠬᠢ ᠠᠵᠢᠯ ᠤᠨ ᠪᠠᠶᠢᠳᠠᠯ ᠢᠶᠠᠨ ᠲᠠᠨᠢᠯᠴᠠᠭᠤᠯᠤᠭᠰᠠᠨ ᠪᠥᠭᠡᠳ ᠥᠪᠥᠷ ᠮᠣᠩᠭᠤᠯ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠬᠢᠬᠦ ᠲᠤᠬᠠᠶ ᠰᠠᠨᠠᠯ ᠰᠠᠨᠠᠭᠤᠯᠭ᠎ᠠ ᠳᠤᠷᠠᠳᠴᠠᠶ᠃ ᠲᠡᠷᠡ᠂ ᠡᠨᠡ ᠤᠳᠠᠭ᠎ᠠ ᠶᠢᠨ ᠠᠶᠢᠯᠴᠢᠯᠠᠯᠲᠠ ᠳᠤ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠤᠨ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠥᠪᠥᠷ ᠮᠣᠩᠭᠤᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠤᠭᠰᠠᠨ ᠢᠯᠡᠷᠬᠡᠢ ᠦᠷ᠎ᠡ ᠪᠦᠲᠦᠮᠵᠢ ᠶᠢ ᠭᠦᠨᠵᠡᠭᠡᠶ ᠮᠡᠳᠡᠷᠡᠪᠡ᠃ ᠥᠪᠥᠷ ᠮᠣᠩᠭᠤᠯ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠦᠮᠦᠵᠢᠭᠦᠯᠬᠦ ᠲᠠᠯ᠎ᠠ ᠪᠠᠷ ᠤᠯᠤᠬᠰᠠᠨ ᠲᠤᠷᠰᠢᠯᠭ᠎ᠠ ᠪᠠᠨ ᠳ᠋ᠦᠩᠨᠡᠨ ᠳᠡᠯᠭᠡᠷᠡᠭᠦᠯᠵᠦ᠂ ᠣᠷᠣᠨ ᠤ ᠳᠣᠲᠣᠨᠠᠬᠢ ᠲᠠᠭᠠᠭᠤᠯᠤᠬᠴᠢ ᠠᠵᠤ ᠠᠬᠤᠶᠢᠯᠠᠯ ᠬᠢᠭᠡᠳ ᠶᠡᠭᠡ ᠳᠡᠭᠡᠳᠦ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ ᠶᠢᠨ ᠭᠦᠨᠵᠡᠭᠡᠶ ᠬᠠᠮᠲᠤᠷᠠᠯᠴᠠᠭ᠎ᠠ ᠶᠢ ᠲᠠᠰᠤᠷᠠᠯᠲᠠ ᠥᠬᠡᠶ ᠠᠬᠢᠭᠤᠯᠤᠭᠠᠷᠠᠢ᠃ ᠰᠢᠨ᠎ᠡ ᠶᠢ ᠡᠭᠦᠳᠬᠦ ᠮᠡᠷᠭᠡᠵᠢᠯ ᠢ ᠰᠤᠳᠤᠯᠤᠨ ᠨᠡᠭᠡᠭᠡᠵᠦ ᠵᠢᠱᠢᠶ᠎ᠡ ᠦᠵᠡᠭᠦᠯᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠡᠨᠧᠷᠭᠢ ᠶᠢᠨ ᠬᠥᠭᠵᠢᠯᠲᠡ ᠶᠢ ᠪᠥᠬᠦ ᠲᠠᠯ᠎ᠠ ᠪᠠᠷ ᠨᠢᠭᠡᠳᠦᠯᠲᠡᠶ ᠲᠥᠯᠥᠪᠵᠢᠬᠦᠯᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠭᠡᠨ ᠠᠬᠢᠭᠤᠯᠬᠤ ᠶᠢ ᠬᠦᠰᠡᠵᠤ ᠪᠠᠶᠢᠨ᠎ᠠ ᠭᠡᠵᠦ ᠢᠯᠡᠳᠭᠡᠪᠡ᠃    ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠯᠢ ᠸᠧᠶ᠂ ᠪᠡᠭᠡᠵᠢᠩ ᠬᠤᠲᠠ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠰᠤᠳᠤᠯᠭᠠᠨ ᠤ ᠬᠦᠷᠢᠶᠡᠯᠡᠩ ᠤᠨ ᠶᠡᠷᠦᠩᠬᠡᠶ ᠪᠠᠷᠢᠯᠭ᠎ᠠ ᠶᠢᠨ ᠢᠨᠵᠧᠨᠧᠷ᠂ ᠨᠡᠶᠢᠰᠯᠡᠯ ᠤᠨ ᠪᠣᠯᠣᠳ ᠲᠡᠮᠦᠷ ᠤᠨ ᠪᠦᠯᠦᠭᠯᠡᠯ ᠤᠨ ᠶᠡᠷᠦᠩᠬᠡᠶ ᠢᠨᠵᠧᠨᠧᠷ ᠦ᠋ ᠴᠧᠨ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠵᠠᠩ ᠰᠢᠤᠸᠠᠢ ᠵᠢᠶᠦ᠋ᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠬᠤᠸᠠᠩ ᠵᠢᠶᠠᠨ ᠫᠢᠩ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠯᠡᠬᠡᠶ ᠶᠢᠨ ᠠᠵᠤ ᠠᠬᠤᠶ ᠬᠢᠭᠡᠳ ᠤᠯᠤᠰ ᠲᠥᠷᠥ ᠰᠤᠳᠤᠯᠬᠤ ᠭᠠᠵᠠᠷ ᠤᠨ ᠳᠡᠳ᠋ ᠳᠠᠷᠤᠭ᠎ᠠ ᠵᠠᠩ ᠪᠢᠨ᠂ ᠨᠡᠶᠢᠰᠯᠡᠯ ᠤᠨ ᠠᠵᠤ ᠠᠬᠤᠶ ᠠᠷᠠᠯᠵᠢᠶᠠᠨ ᠤ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠴᠢᠦᠶ ᠴᠢᠩ ᠴᠤᠤ᠂ ᠳᠤᠮᠳᠠᠳᠤ ᠤᠯᠤᠰ ᠤᠨ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠶᠢᠨ ᠡᠯᠢᠭᠡ ᠰᠥᠰᠥᠨ ᠤ ᠭᠠᠳᠠᠷ ᠰᠠᠯᠠᠭᠠᠨ ᠤ ᠳᠡᠳ᠋ ᠡᠷᠬᠢᠯᠡᠭᠴᠢ ᠵᠣᠣ ᠬᠤᠩ᠂ ᠲᠦᠩ ᠵᠢᠶ ᠶᠡᠭᠡ ᠰᠤᠷᠭᠠᠭᠤᠯᠢ ᠶᠢᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠪᠠ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠳ᠋ᠠᠶ ᠰᠢᠶᠣᠤ ᠬᠣ᠋᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ ᠰᠤᠳᠤᠯᠬᠤ ᠭᠠᠵᠠᠷ ᠤᠨ ᠰᠤᠳᠤᠯᠤᠭᠴᠢ ᠯᠢᠦ ᠭᠦᠩ ᠱᠧ ᠤᠷᠢᠳ ᠬᠤᠵᠢᠳ ᠦᠭᠡ ᠬᠡᠯᠡᠵᠦ᠂ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠳᠠᠯ ᠪᠠ ᠲᠤᠰ ᠲᠤᠰ ᠤᠨ ᠲᠤᠰᠬᠠᠶ ᠮᠡᠷᠭᠡᠵᠢᠯ ᠤᠨ ᠬᠦᠷᠢᠶ᠎ᠡ ᠬᠡᠪᠴᠢᠶ᠎ᠡ ᠲᠠᠢ ᠪᠠᠨ ᠤᠶᠠᠯᠳᠤᠭᠤᠯᠤᠨ᠂ ᠪᠤᠳᠤᠯᠬᠢᠯᠠᠯ ᠪᠠ ᠦᠵᠡᠯᠲᠡ ᠪᠠᠨ ᠠᠭᠤᠵᠢᠷᠠᠲᠠᠯ᠎ᠠ ᠶᠠᠷᠢᠵᠤ᠂ ᠰᠠᠨᠠᠯ ᠰᠠᠨᠠᠭᠤᠯᠭ᠎ᠠ ᠳᠤᠷᠠᠳᠪᠠ᠃ ᠰᠦᠨ ᠱᠤᠤ ᠴᠧᠩ ᠤᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠴᠤ ᠂ ᠨᠢᠭᠡᠳ ᠨᠢᠭᠡ ᠪᠠᠷ ᠬᠠᠷᠢᠭᠤᠯᠲᠠ ᠥᠭᠴᠦ᠂ ᠤᠯᠠᠨ ᠤ ᠰᠠᠨᠠᠯ ᠰᠠᠨᠠᠭᠤᠯᠭ᠎ᠠ ᠲᠦᠢᠯ ᠤᠨ ᠨᠠᠷᠢᠯᠢᠭ ᠣᠨᠣᠪᠴᠢᠲᠠᠢ᠂ ᠲᠦᠢᠯ  ᠤᠨ ᠦᠨ᠎ᠡ ᠦᠷᠳᠡᠭ  ᠲᠠᠢ ᠪᠠᠶᠢᠨ᠎ᠠ ᠭᠡᠵᠦ ᠢᠯᠡᠳᠭᠡᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ  ᠳᠤ ᠨᠠᠷᠢᠨ ᠬᠢᠨᠠᠮᠠᠭᠠᠢ ᠰᠤᠳᠤᠯᠤᠨ ᠰᠢᠩᠭᠡᠭᠡᠵᠦ᠂ ᠤᠨᠳᠤᠤᠰᠢᠭᠤᠯᠤᠨ ᠬᠡᠷᠡᠭᠯᠡᠬᠦ  ᠶᠢ ᠰᠠᠶᠢᠲᠤᠷ ᠠᠳᠬᠤᠬᠤ ᠬᠡᠷᠡᠭᠲᠡᠢ ᠭᠡᠵᠦ ᠵᠠᠬᠢᠪᠠ᠃    ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ᠂ ᠰᠢᠨᠵᠢᠯᠡᠨ ᠪᠠᠶᠢᠴᠠᠭᠠᠬᠤ ᠦᠢᠯᠡᠴᠢᠯᠡᠭᠡᠨ ᠤ ᠪᠦᠯᠬᠦᠮ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠵᠦ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠪᠣᠯᠤᠨ ᠠᠺᠠᠳᠧᠮᠢᠴᠢ ᠲᠤᠰᠬᠠᠢ ᠮᠡᠷᠭᠡᠵᠢᠯᠲᠡᠳ ᠤᠨ ᠥᠪᠥᠷ ᠮᠣᠩᠭᠤᠯ ᠳᠤ ᠢᠮᠠᠭᠲᠠ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠭᠦᠨ ᠵᠤᠵᠠᠭᠠᠨ ᠬᠠᠶᠢᠷ᠎ᠠ ᠰᠡᠳᠭᠢᠯᠭᠡ ᠲᠠᠢ ᠪᠠᠶᠢᠵᠤ᠂ ᠬᠦᠨᠳᠦ ᠨᠠᠶᠢᠳᠠᠯᠭ᠎ᠠ ᠲᠠᠯᠪᠢᠵᠤ᠂ ᠪᠡᠶ᠎ᠡ ᠪᠠᠷ ᠢᠶᠠᠨ ᠥᠪᠥᠷ ᠮᠣᠩᠭᠤᠯ ᠳᠤ ᠠᠵᠢᠯᠯᠠᠭᠠᠨ ᠤ ᠬᠥᠲᠥᠯᠪᠦᠷᠢ ᠲᠣᠭᠲᠠᠭᠠᠵᠤ ᠥᠭᠴᠡᠢ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠᠷ ᠬᠤᠷᠢᠶᠠᠩᠭᠤᠶᠢᠯᠠᠵᠦ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠨ᠎ᠠ ᠬᠡᠪᠡ᠃    ᠰᠦᠨ ᠱᠤᠤ ᠴᠧᠩ᠂ ᠥᠪᠥᠷ ᠮᠣᠩᠭᠤᠯ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠪᠠ ᠲᠦᠷᠦ ᠶᠢᠨ ᠪᠤᠳᠤᠯᠭ᠎ᠠ ᠶᠢᠨ ᠳᠠᠪᠠᠭᠤᠯᠢᠭ ᠲᠠᠢ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠲᠠᠯ᠎ᠠ ᠪᠠᠷ ᠢᠲᠡᠭᠡᠯ ᠵᠣᠷᠢᠭ ᠪᠠ ᠢᠳᠡ ᠬᠦᠴᠦᠨ ᠲᠡᠭᠦᠯᠳᠡᠷ ᠪᠠᠶᠢᠨ᠎ᠠ᠃ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠥᠯᠥᠭᠡ᠂ ᠡᠨᠡ ᠵᠢᠯ ᠪᠢᠳᠡ ︽ᠵᠢᠷᠭᠤᠭᠠᠨ ᠢᠨᠵᠧᠨᠧᠷᠢᠩ︾ ᠢ ᠪᠠᠶᠢᠷᠢᠯᠠᠭᠤᠯᠤᠨ ᠬᠡᠷᠡᠭᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠢᠳᠡᠪᠬᠢ ᠦᠷ᠎ᠡ ᠪᠦᠲᠦᠮᠵᠢ ᠤᠯᠬᠤ ᠶᠢ ᠠᠬᠢᠭᠤᠯᠪᠠ᠃ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠮᠤᠭ ᠤᠨ ᠶᠡᠭᠡ ᠳᠤᠲᠠᠭᠤᠳᠠᠯ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠴᠢᠳᠠᠪᠤᠷᠢᠲᠠᠨ ᠪᠠᠶᠢᠵᠦ᠂ ᠰᠢᠨ᠎ᠡ ᠡᠨᠧᠷᠭᠢ᠂ ᠬᠤᠪᠣᠷ ᠰᠢᠷᠣᠢ᠂ ᠮᠠᠯ ᠠᠵᠤ ᠠᠬᠤᠢ ᠲᠠᠷᠢᠶᠠᠯᠠᠩ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠶᠢᠨ ︽ᠪᠣᠭᠤᠮᠢ︾ ᠠᠰᠠᠭᠤᠳᠠᠯ ᠢ ᠲᠦᠷᠭᠡᠨ ᠰᠢᠪᠲᠤᠯᠬᠤ ᠪᠣᠯ ᠪᠢᠳᠡᠨ ᠤ ᠡᠮᠦᠨ᠎ᠡ ᠲᠠᠯᠪᠢᠭᠳᠠᠵᠤ ᠪᠠᠶᠢᠭ᠎ᠠ ᠪᠣᠳᠠᠲᠠᠢ ᠰᠡᠳᠦᠪ ᠪᠣᠯᠤᠨ᠎ᠠ᠃ ᠤᠳᠤᠬᠠᠨ ᠳᠤ ᠥᠪᠥᠷ ᠮᠣᠩᠭᠤᠯ ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠴᠢᠳᠠᠪᠤᠷᠢᠲᠠᠨ ᠢ ᠬᠦᠰᠡᠨ ᠡᠷᠡᠮᠡᠯᠵᠡᠵᠦ᠂ ᠴᠢᠳᠠᠪᠤᠷᠢᠲᠠᠨ ᠬᠡᠷᠡᠭᠴᠡᠭᠡ ᠲᠠᠢ ᠪᠠᠶᠢᠨ᠎ᠠ᠂ ᠤᠯᠠᠨ ᠢᠶᠠᠷ ᠢᠶᠠᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠦᠢᠯᠡᠳᠦᠯᠭᠡ ᠳᠤᠮᠳᠠ ᠢᠳᠡᠪᠬᠢᠲᠡᠢ ᠣᠷᠣᠯᠴᠠᠵᠤ᠂ ᠥᠪᠥᠷ ᠮᠣᠩᠭᠤᠯ ᠳᠤ ᠲᠡᠷᠢᠭᠦᠨ ᠤ ᠮᠡᠷᠭᠡᠵᠢᠯ ᠢ ᠢᠯᠡᠭᠦᠬᠡᠨ ᠤᠯᠠᠮᠵᠢᠯᠠᠵᠤ᠂ ᠳᠡᠭᠡᠳᠦ ᠲᠡᠰ ᠤᠨ ᠴᠢᠳᠠᠪᠤᠷᠢᠲᠠᠨ ᠢ ᠢᠯᠡᠭᠦᠬᠡᠨ ᠲᠤᠮᠢᠯᠠᠵᠤ᠂ ᠬᠥᠭᠵᠢᠯᠲᠡ ᠶᠢᠨ ᠰᠠᠶᠢᠨ ᠪᠤᠳᠤᠯᠭ᠎ᠠ ᠪᠠᠨ ᠢᠯᠡᠭᠦᠬᠡᠨ ᠡᠷᠭᠦᠬᠦ ᠶᠢ ᠴᠢᠩ ᠰᠡᠳᠭᠢᠯ ᠠᠴᠠ ᠪᠠᠨ ᠬᠦᠰᠡᠵᠦ ᠪᠠᠶᠢᠨ᠎ᠠ᠃ ᠪᠢᠳᠡ ᠬᠠᠮᠤᠭ ᠤᠨ ᠴᠢᠩ ᠦᠨᠡᠨᠴᠢ ᠰᠡᠳᠭᠢᠯ ᠢᠶᠠᠷ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ᠂ ᠦᠪᠡᠷ ᠢ ᠪᠠᠨ ᠪᠤᠯᠭᠠᠬᠤ ᠶᠢ ᠬᠥᠭᠡᠭᠡᠴᠡᠯᠳᠦᠬᠦ ᠦᠭᠡᠢ᠂ ᠬᠡᠬᠦ ᠳᠡᠭᠡᠨ ᠬᠡᠷᠡᠭᠯᠡᠬᠦ ᠶᠢ ᠬᠥᠭᠡᠭᠡᠴᠡᠯᠳᠦᠵᠦ᠂ ᠡᠯ᠎ᠡ ᠲᠦᠷᠦᠯ ᠤᠨ ᠴᠢᠳᠠᠪᠤᠷᠢᠲᠠᠨ ᠤ ᠥᠪᠥᠷ ᠮᠣᠩᠭᠤᠯ ᠳᠤ ᠢᠷᠡᠵᠦ ᠰᠢᠨ᠎ᠡ ᠶᠢ ᠡᠭᠦᠳᠴᠦ ᠦᠢᠯᠡᠰ ᠪᠤᠰᠬᠠᠬᠤ ᠳᠤ ᠦᠢᠯᠡᠴᠢᠯᠡᠭᠡ ᠪᠠᠲᠤᠯᠠᠭ᠎ᠠ ᠶᠢ ᠰᠠᠶᠢᠲᠤᠷ ᠬᠠᠩᠭᠠᠨ᠎ᠠ ᠭᠡᠵᠡᠢ᠃    ᠶᠠᠷᠢᠯᠴᠠᠬᠤ ᠬᠤᠷᠠᠯ ᠳᠡᠭᠡᠷ᠎ᠡ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠰᠢᠨᠵᠢᠯᠡᠨ ᠪᠠᠶᠢᠴᠠᠭᠠᠬᠤ ᠦᠢᠯᠡᠴᠢᠯᠡᠭᠡᠨ ᠤ ᠪᠦᠯᠬᠦᠮ ᠤᠨ ᠣᠯᠤᠯᠲᠠ ᠪᠠᠨ ᠳ᠋ᠦᠩᠨᠡᠵᠦ᠂ ᠥᠪᠥᠷ ᠮᠣᠩᠭᠤᠯ ᠤᠨ ᠰᠣᠶᠣᠯ᠂ ᠰᠤᠷᠭᠠᠨ ᠬᠥᠮᠦᠵᠢᠯ᠂ ᠨᠡᠶᠢᠭᠡᠮ ᠤᠨ ᠬᠠᠮᠢᠶᠠᠷᠤᠯᠲᠠ᠂ ᠨᠠᠮ ᠤᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠦᠢᠯᠡᠰ ᠴᠥᠮ ᠰᠢᠨ᠎ᠡ ᠠᠬᠢᠴᠠ ᠲᠠᠢ ᠪᠣᠯᠪᠠ᠃ ᠠᠺᠠᠳᠧᠮᠢᠴᠢ ᠲᠤᠰᠬᠠᠶ ᠮᠡᠷᠭᠡᠵᠢᠯᠲᠡᠳ ᠰᠢᠨ᠎ᠡ ᠡᠨᠧᠷᠭᠢ ᠶᠢᠨ ᠠᠵᠤ ᠦᠢᠯᠡᠰ᠂ ᠠᠮᠢ ᠠᠬᠤᠶ ᠣᠷᠴᠢᠨ ᠲᠣᠭᠤᠷᠢᠨ᠂ ᠰᠣᠶᠣᠯ ᠵᠢᠭᠤᠯᠴᠢᠯᠠᠯ᠂ ᠲᠣᠮᠣ ᠳ᠋ᠠᠶᠢᠲ᠋ᠠ ᠶᠢᠨ ᠮᠡᠷᠭᠡᠵᠢᠯ ᠵᠡᠷᠭᠡ ᠲᠣᠭᠤᠷᠢᠨ ᠳᠤ ᠢᠳᠡᠪᠬᠢᠲᠡᠶ ᠠᠷᠭ᠎ᠠ ᠤᠬᠠᠭᠠᠨ ᠭᠠᠷᠭᠠᠵᠤ᠂ ᠠᠵᠤ ᠦᠢᠯᠡᠰ ᠤᠨ ᠵᠣᠯᠭᠠᠯᠴᠠᠭ᠎ᠠ᠂ ᠮᠡᠷᠭᠡᠵᠢᠯ ᠤᠨ ᠬᠤᠪᠢᠷᠠᠭᠤᠯᠤᠯᠲᠠ᠂ ᠴᠢᠳᠠᠪᠤᠷᠢᠲᠠᠨ ᠤ ᠰᠣᠯᠢᠯᠴᠠᠭ᠎ᠠ ᠵᠡᠷᠭᠡ ᠣᠯᠠᠨ ᠵᠦᠢᠯ ᠤᠨ ᠬᠠᠮᠲᠤᠷᠠᠯᠴᠠᠭᠠᠨ ᠤ ᠰᠠᠨᠠᠮᠵᠢ ᠳᠣᠭᠢᠷᠠᠯᠴᠠᠪᠠ᠃ ᠥᠪᠥᠷ ᠮᠣᠩᠭᠤᠯ ᠤᠨ ᠬᠤᠯᠪᠣᠭᠳᠠᠯ ᠪᠥᠬᠦᠶ ᠲᠠᠯ᠎ᠠ ᠶᠢᠨ ᠬᠢᠨ ᠲᠠᠢ ᠬᠠᠮᠲᠤ ᠪᠠᠷ ᠮᠥᠷᠳᠡᠨ ᠦᠢᠯᠡᠴᠢᠯᠡᠬᠦ  ᠪᠠ ᠨᠠᠷᠢᠯᠢᠭᠵᠢᠭᠤᠯᠤᠨ ᠵᠣᠯᠭᠠᠭᠤᠯᠬᠤ ᠠᠵᠢᠯ  ᠢ ᠰᠠᠶᠢᠲᠤᠷ ᠬᠢᠵᠦ᠂ ᠡᠷᠲᠡᠬᠡᠨ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ  ᠪᠠᠷ ᠴᠢᠷᠮᠠᠶᠢᠨ᠎ᠠ ᠭᠡᠵᠦ ᠢᠯᠡᠳᠭᠡᠪᠡ᠃    ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠦᠬᠦᠳ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠳ᠋ᠤᠸᠠᠨ ᠸᠧᠨ ᠬᠤᠢ᠂ ᠸᠧᠢ ᠶᠤᠸᠠᠢ ᠭᠤᠸᠠᠩ᠂ ᠽᠸᠤ ᡁᠢ ᠭᠠᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠱᠢ ᠪᠢ᠂ ᠰᠢᠶᠠ ᠨᠢᠩ ᠱᠤᠤ᠂ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠡᠷᠳᠡᠮᠲᠡᠨ︔ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠦᠦᠳᠠᠭᠤᠯᠠ᠂ ᠢᠦᠶ ᠯᠢ ᠰᠢᠨ᠂ ᠯᠢ ᠪᠢᠩ ᠷᠦᠩ᠂ ᠰᠦᠨ ᠵᠢᠶᠦ᠋ᠨ ᠴᠢᠩ᠂ ᠶᠠᠩ ᠵᠢᠶᠧ᠂ ᠬᠤᠯᠪᠣᠭᠳᠠᠯ ᠪᠥᠬᠦᠶ ᠠᠶᠢᠮᠠᠭ ᠬᠤᠲᠠ᠂ ᠲᠢᠩᠬᠢᠮ ᠲᠣᠪᠴᠢᠶ᠎ᠠ᠂ ᠶᠡᠭᠡ ᠳᠡᠭᠡᠳᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠵᠠᠶ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号