ᠬᠤᠶᠠᠷᠬᠤᠳᠳᠤᠭ ᠤᠨ ᠬᠦᠳᠡᠭᠡ ᠠᠮᠢ ᠠᠬᠤᠢ ᠨᠡᠬᠦᠳᠡᠯ ᠠᠷᠠᠳ ᠤᠨ ᠵᠢᠱᠢᠶ᠎ᠡ ᠦᠵᠡᠬᠦᠯᠬᠦ ᠤᠷᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠬᠢᠷᠢ ᠳᠦᠪᠰᠢᠠ ᠢᠶᠠᠨ ᠳᠡᠭᠡᠭᠰᠢᠯᠡᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2024/8/29
    ᠬᠤᠶᠠᠷᠬᠤᠳᠳᠤᠭ ᠤᠨ ᠬᠦᠳᠡᠭᠡ ᠠᠮᠢ ᠠᠬᠤᠢ ᠨᠡᠬᠦᠳᠡᠯ ᠠᠷᠠᠳ ᠤᠨ ᠵᠢᠱᠢᠶ᠎ᠡ ᠦᠵᠡᠬᠦᠯᠬᠦ ᠣᠷᠣᠨ ᠥᠨᠳᠥᠷ ᠪᠦᠲᠦᠮᠵᠢᠲᠡᠶ ᠪᠠᠷ ︽ᠨᠢᠭᠡ ᠶᠠᠪᠤᠳᠠᠯ ᠢ ᠦᠨᠳᠤᠷ ᠪᠦᠲᠤᠮᠵᠢᠲᠠᠢ ᠬᠦᠢᠴᠡᠳᠬᠡᠬᠦ︾ ᠶᠢ ᠡᠵᠡᠩᠨᠡᠯᠳᠡ ᠶᠢᠨ ᠣᠷᠴᠢᠨ ᠳᠣᠭᠤᠷᠢᠨ ᠢ ᠰᠢᠯᠢᠳᠡᠭᠵᠢᠭᠦᠯᠬᠦ ᠰᠢᠪᠲᠤᠯᠤᠯᠲᠠ ᠶᠢᠨ ᠴᠡᠭ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠳᠦᠬᠦᠮ ᠦᠵᠡᠬᠦᠯᠬᠦ ᠠᠷᠭ᠎ᠠ ᠬᠡᠮᠵᠢᠶ᠎ᠡ ᠪᠣᠯᠭᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠥᠪᠯᠡᠷᠡᠭᠦᠯᠦᠨ ᠭᠦᠢᠴᠡᠳᠭᠡᠬᠦ ᠶᠢ ᠠᠬᠢᠭᠤᠯᠵᠤ ᠪᠠᠶᠢᠨ᠎ᠠ᠃    ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ᠂ ᠲᠠᠩ ᠵᠥᠩ ᠲᠢᠶᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠦᠴᠦᠨ ᠦᠭᠡᠢ ᠪᠣᠯᠭᠠᠬᠤ ᠠᠵᠢᠯ ᠢᠶᠠᠨ ᠬᠦᠢᠴᠡᠳᠭᠡᠬᠦ ᠳᠤ ᠠᠵᠢᠯᠲᠠᠨ ᠠᠴᠠ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠲᠠᠪᠴᠠᠩ ᠢᠶᠠᠷ ᠳᠡᠮᠵᠢᠨ ᠪᠥᠬᠦ ᠶᠠᠪᠤᠴᠠ ᠶᠢ ᠣᠷᠣᠯᠠᠨ ᠭᠦᠢᠴᠡᠳᠭᠡᠵᠦ᠂ ᠬᠤᠯᠪᠤᠭᠠᠯᠠᠨ ᠭᠦᠢᠴᠡᠳᠭᠡᠬᠦ ᠭᠠᠶᠢᠯᠢ ᠶᠢᠨ ᠶᠠᠪᠤᠳᠠᠯ ᠤᠨ ᠲᠤᠬᠠᠶᠢᠯᠠᠭᠰᠠᠨ ᠠᠵᠢᠯ ᠢ ᠬᠠᠮᠲᠤ ᠳᠤᠨᠢ ᠪᠡᠶᠡᠯᠡᠭᠦᠯᠵᠦ᠂ ᠨᠢᠭᠡ ᠯᠡ ᠤᠳᠠᠭ᠎ᠠ ᠳᠤ ᠬᠤᠶᠠᠷ ᠵᠦᠢᠯ ᠤᠨ ᠠᠵᠢᠯ ᠢ ᠬᠦᠢᠴᠡᠳᠭᠡᠵᠤ ᠦᠭᠴᠡᠢ᠃ ︽ᠥᠩᠭᠡᠷᠡᠭᠰᠡᠨ ᠳᠤ ᠨᠢᠭᠡ ᠶᠠᠪᠤᠳᠠᠯ ᠢ ᠬᠦᠢᠴᠡᠳᠭᠡᠬᠦ ᠳᠤ ᠤᠯᠠᠨ ᠤᠳᠠᠭ᠎ᠠ ᠬᠦᠶᠦᠵᠤ ᠪᠠᠶᠢᠮᠠᠨ ᠪᠠᠷᠠᠭᠠᠳᠠᠭ ᠪᠠᠶᠢᠭᠰᠠᠨ ᠪᠣᠯ ᠤᠳᠤ ᠣᠬᠤᠷᠬᠠᠨ ᠬᠤᠭᠤᠴᠠᠭᠠᠨ ᠳᠤ ᠪᠦᠬᠦᠨ ᠢ ᠬᠦᠢᠴᠡᠳᠭᠡᠬᠦ ᠪᠣᠯᠵᠡᠢ᠂ ᠡᠨᠡ ᠨᠢ ᠪᠢᠳᠡᠨ ᠳᠤ ᠮᠠᠰᠢ ᠲᠦᠭᠦᠮ ᠪᠤᠯᠵᠤ ᠴᠠᠭ ᠢ ᠠᠷᠪᠢᠯᠠᠭᠰᠠᠨ ᠪᠠᠶᠢᠨ᠎ᠠ︾ ᠭᠡᠵᠣ ᠲᠠᠩ ᠵᠦᠩ ᠲᠢᠶᠠᠨ ᠶᠠᠷᠢᠨ᠎ᠠ᠃ ᠳᠡᠬᠦᠨ ᠤ ᠡᠨᠡ ᠬᠦ ᠥᠩᠭᠡᠷᠡᠯᠲᠡ ᠨᠢ ᠵᠢᠱᠢᠶ᠎ᠡ ᠦᠵᠡᠭᠦᠯᠬᠦ ᠣᠷᠣᠨ ᠤ ᠶᠠᠭ ᠬᠡᠷᠡᠭᠵᠢᠭᠦᠯᠵᠦ ᠪᠠᠶᠢᠭ᠎ᠠ ︽ᠨᠢᠭᠡ ᠶᠠᠪᠤᠳᠠᠯ ᠢ ᠦᠨᠳᠤᠷ ᠪᠦᠲᠤᠮᠵᠢᠲᠠᠢ ᠬᠦᠢᠴᠡᠳᠬᠡᠬᠦ︾ ᠥᠭᠡᠷᠡᠴᠢᠯᠡᠯᠲᠡ ᠶᠢᠨ ᠦᠷ᠎ᠠ ᠪᠦᠳᠦᠮᠵᠢ ᠶᠤᠮ᠃ ᠵᠢᠱᠢᠶ᠎ᠡ ᠦᠵᠡᠭᠦᠯᠬᠦ ᠣᠷᠣᠨ ᠠᠴᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠦᠢᠯᠡᠳᠪᠦᠷᠢᠯᠡᠯ ᠡᠵᠡᠩᠨᠡᠯᠲᠡ ᠵᠡᠷᠭᠡ ᠶᠢ ᠨᠢᠭᠡ ᠭᠠᠵᠠᠷ ᠲᠤ ᠬᠠᠮᠲᠤᠷᠠᠭᠤᠯᠤᠠ ᠭᠦᠢᠴᠡᠳᠭᠡᠬᠦ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠦᠢᠯᠡᠴᠢᠯᠡᠬᠦ ᠡᠲᠡᠭᠡᠳ ᠲᠤ ᠠᠰᠠᠭᠤᠨ ᠯᠠᠪᠯᠠᠬᠤ᠂ ᠬᠥᠲᠥᠯᠥᠨ ᠵᠢᠯᠤᠭᠤᠳᠬᠤ᠂ ᠪᠠᠶᠢᠴᠠᠭᠠᠨ ᠬᠠᠷᠭᠤᠭᠤᠯᠬᠤ᠂ ᠠᠵᠢᠯ ᠶᠠᠪᠤᠳᠠᠯ ᠭᠦᠢᠴᠡᠳᠭᠡᠬᠦ᠂ ᠵᠠᠭᠠᠯᠳᠤᠬᠤ᠂ ᠦᠨᠡᠯᠡᠬᠦ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠪᠥᠬᠦ ᠶᠠᠪᠣᠴᠠ ᠶᠢᠨ ᠦᠢᠯᠡᠴᠢᠯᠡᠭᠡ ᠬᠠᠩᠭᠠᠬᠰᠠᠠ ᠪᠠᠶᠢᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠥᠷᠲᠡᠭᠡ ᠳᠤ᠂ ᠠᠵᠢᠯᠳᠠᠨ ᠠᠴᠠ ᠶᠠᠭ ᠥᠪᠥᠷ ᠮᠣᠩᠭᠤᠯ ᠤᠨ ᠭᠤᠸᠠᠨ ᠱᠢ ᠳ᠋ᠡ ᠬᠢᠮᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠯᠠᠢ ᠺᠧ ᠲᠠᠷᠢᠮᠠᠯ ᠤᠨ ᠬᠠᠮᠠᠭᠠᠯᠠᠯᠲᠠ ᠶᠢᠨ ᠬᠢᠵᠠᠭᠠᠷᠲᠤ ᠺᠣᠮᠫᠠᠨᠢ ᠳᠤ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠳᠠᠩᠰᠠᠯᠠᠯᠲᠠ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠭᠡᠬᠦ ᠵᠢᠴᠢ ᠠᠰᠠᠭᠤᠨ ᠯᠠᠪᠯᠠᠬᠤ ᠦᠢᠯᠡᠴᠢᠯᠡᠭᠡ ᠶᠢ ᠬᠠᠩᠭᠠᠵᠤ ᠪᠠᠶᠢᠯ᠎ᠠ᠃ ᠥᠪᠥᠷ ᠮᠣᠩᠭᠤᠯ ᠤᠨ ᠯᠠᠢ ᠺᠧ ᠲᠠᠷᠢᠮᠠᠯ ᠤᠨ ᠬᠠᠮᠠᠭᠠᠯᠠᠯᠲᠠ ᠶᠢᠨ ᠬᠢᠵᠠᠭᠠᠷᠲᠤ ᠺᠣᠮᠫᠠᠨᠢ ᠶᠢᠨ ᠠᠯᠪᠠᠨ ᠭᠡᠷ ᠤᠨ ᠡᠷᠬᠢᠯᠡᠭᠴᠢ ᠯᠢ ᠹᠧᠩ ᠨᠠᠨ᠄ ︽ᠪᠢᠳᠡᠨ ᠤ ᠲᠤᠬᠠᠶᠢᠯᠠᠭᠰᠠᠨ ᠠᠵᠢᠯ ᠳᠠᠭᠠᠨ ᠪᠣᠯᠪᠠᠰᠤᠷᠠᠩᠭᠤᠢ ᠪᠤᠰᠤ᠂ ᠮᠠᠲ᠋ᠧᠷᠢᠶᠠᠯ ᠢ ᠪᠦᠷᠢᠨ ᠭᠦᠢᠴᠡᠳ ᠪᠡᠯᠡᠳᠭᠡᠵᠦ ᠳᠡᠶᠢᠯᠬᠦ ᠦᠭᠡᠢ᠂ ᠣᠯᠠᠨ ᠤᠳᠠᠭ᠎ᠠ ᠬᠦᠶᠦᠬᠦ ᠵᠡᠷᠭᠡ ᠠᠰᠠᠭᠤᠳᠠᠯ ᠢ ᠰᠶᠢᠳᠪᠤᠷᠢᠯᠠᠵᠤ ᠨᠢᠭᠡᠯᠠ ᠤᠳᠠᠭ᠎ᠠ ᠳᠤ ᠪᠦᠬᠦᠠ ᠢ ᠬᠦᠢᠴᠡᠳᠭᠡᠵᠤ ᠦᠭᠭᠦᠭᠰᠡᠠ ᠨᠢ ᠶᠡᠭᠡ ᠰᠠᠶᠢᠠ ᠪᠠᠶᠢᠨ᠎ᠠ︾ ᠭᠡᠵᠤ ᠪᠠᠶᠢᠯ᠎ᠠ᠃    ᠳᠤᠬᠠᠢ ᠶᠢᠨ ᠭᠠᠵᠠᠷ ᠲᠤᠨᠢ ᠬᠦᠷᠴᠤ ᠭᠦᠢᠴᠡᠳᠭᠡᠬᠦ ᠠᠴᠠ ᠣᠶᠢᠷ᠎ᠠ ᠬᠠᠪᠢ ᠳᠤ ᠬᠦᠷᠴᠣ ᠭᠦᠢᠴᠡᠳᠭᠡᠬᠦ ᠬᠦᠷᠲᠡᠯ᠎ᠡ᠂ ᠭᠡᠷ ᠲᠤᠨᠢ ᠬᠦᠷᠴᠦ ᠭᠦᠢᠴᠡᠳᠭᠡᠬᠦ᠂ ᠬᠡᠷᠡᠭᠴᠡᠭᠡ ᠪᠠᠷ ᠭᠦᠢᠴᠡᠳᠭᠡᠬᠦ ᠬᠦᠷᠳᠡᠯ᠎ᠡ᠂ ᠵᠢᠱᠢᠶ᠎ᠡ ᠦᠵᠡᠭᠦᠯᠬᠦ ᠣᠷᠣᠨ ᠠᠴᠠ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠳᠤ ︽ᠨᠢᠭᠡ ᠳᠤ ᠨᠢᠭᠡ᠂ ᠪᠥᠬᠦ ᠲᠠᠯ᠎ᠠ ᠶᠢᠨ᠂ ᠠᠰᠠᠷᠠᠭᠴᠢ ᠮᠠᠶ᠋ᠢᠭ︾ ᠤᠨ ᠬᠠᠪᠰᠤᠷᠤᠨ ᠭᠦᠢᠴᠡᠳᠭᠡᠬᠦ ᠦᠢᠯᠡᠴᠢᠯᠡᠭᠡ ᠶᠢ ᠲᠠᠰᠤᠷᠠᠯᠲᠠ ᠦᠭᠡᠢ ᠬᠠᠩᠭᠠᠵᠤ᠂ ᠬᠠᠪᠰᠣᠷᠴᠣ ᠣᠷᠣᠯᠠᠨ ᠭᠦᠢᠴᠡᠳᠭᠡᠬᠦ ᠪᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠡᠯ᠎ᠡ ᠶᠠᠪᠣᠴᠠ ᠶᠢ ᠨᠢᠭᠲᠠ ᠵᠣᠯᠭᠠᠭᠤᠯᠬᠤ ᠶᠢ ᠭᠦᠨᠵᠡᠭᠡᠢ ᠠᠬᠢᠭᠤᠯᠤᠠ᠂ ᠦᠢᠯᠡᠴᠢᠯᠡᠭᠡᠨ ᠤ ᠴᠢᠳᠠᠪᠤᠷᠢ ᠪᠠ ᠠᠵᠤ ᠠᠬᠤᠶᠢᠯᠠᠯ ᠣᠯᠠᠨ ᠲᠦᠮᠡᠨ ᠤ ᠣᠶᠢᠯᠠᠭᠠᠯᠲᠠ ᠶᠢ ᠦᠨᠡᠨ ᠬᠦ ᠳᠡᠭᠡᠭᠰᠢᠯᠡᠬᠦᠯᠵᠡᠢ᠃ ᠣᠲᠣ ᠪᠣᠯᠲᠠᠯ᠎ᠠ᠂ ︽ᠨᠢᠭᠡ ᠶᠠᠪᠤᠳᠠᠯ ᠢ ᠦᠨᠳᠤᠷ ᠪᠦᠲᠤᠮᠵᠢᠲᠠᠢ ᠬᠦᠢᠴᠡᠳᠬᠡᠬᠦ︾ ᠶᠠᠪᠣᠳᠠᠯ ᠢ ᠨᠡᠶᠢᠲᠡ 11218 ᠬᠤᠪᠢ᠂ ᠬᠠᠪᠰᠤᠷᠤᠨ ᠭᠦᠢᠴᠡᠳᠭᠡᠬᠦ ᠪᠠ ᠣᠷᠣᠯᠠᠨ ᠭᠦᠢᠴᠡᠳᠭᠡᠬᠦ ᠶᠠᠪᠣᠳᠠᠯ ᠢ 820 ᠬᠤᠪᠢ ᠭᠦᠢᠴᠡᠳᠭᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠴᠦᠰ ᠤᠨ ᠨᠢᠭᠡ ᠺᠢᠯᠣᠮᠧᠲᠷ ᠢ ᠨᠡᠪᠲᠡᠷᠡᠭᠦᠯᠤᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠠᠷᠠᠳ ᠤᠨ ᠰᠠᠨᠠᠭ᠎ᠠ ᠪᠠ ᠬᠡᠷᠡᠭᠴᠡᠭᠡ ᠳᠤ ᠨᠡᠶᠢᠴᠡᠬᠦᠯᠣᠨ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠪᠠ ᠡᠵᠡᠩᠨᠡᠯᠳᠡ ᠶᠢᠨ ᠣᠷᠴᠢᠨ ᠳᠣᠭᠤᠷᠢᠨ ᠤ ᠬᠤᠣᠰ ᠳᠡᠭᠡᠭᠰᠢᠯᠡᠯᠲᠡ ᠶᠢ ᠪᠡᠶᠡᠯᠡᠬᠦᠯᠵᠡᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号