ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ ᠪᠥᠬᠦ ᠠᠶᠢᠮᠠᠭ ᠤᠨ ᠤᠯᠤᠰ ᠤᠨ ᠠᠷᠢᠭᠤᠨ ᠴᠡᠪᠡᠷ ᠤᠨ ᠬᠤᠲᠠ ᠶᠢ ᠪᠠᠶᠢᠭᠤᠯᠵᠦ ᠪᠠᠶᠢᠭ᠎ᠠ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2024/8/29
    8 ᠰᠠᠷ᠎ᠠ ᠶᠢᠨ 27 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ᠂ ᠪᠥᠬᠦ ᠠᠶᠢᠮᠠᠭ ᠤᠨ ᠤᠯᠤᠰ ᠤᠨ ᠠᠷᠢᠭᠤᠨ ᠴᠡᠪᠡᠷ ᠤᠨ ᠬᠤᠲᠠ ᠶᠢ ᠪᠠᠶᠢᠭᠤᠯᠵᠦ ᠪᠠᠶᠢᠭ᠎ᠠ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ ᠢ ᠡᠷᠭᠢᠯᠡᠪᠡ᠃    ᠬᠤᠷᠠᠯ ᠳᠡᠭᠡᠷ᠎ᠡ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ ᠸᠠᠩ ᠸᠧᠶ ᠳ᠋ᠦᠩ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠦ ᠯᠢ ᠮᠢᠩ ᠵᠢᠴᠢ ᠠᠶᠢᠮᠠᠭ ᠤᠨ ᠱᠠᠲᠤᠨ ᠤ 16 ᠤᠳᠤᠷᠢᠳᠤᠯᠭ᠎ᠠ ᠠᠴᠠ ᠳᠠᠭᠠᠭᠠᠴᠢᠯᠠᠨ ᠬᠠᠷᠢᠯᠴᠠᠵᠦ ᠬᠢᠨᠠᠨ ᠵᠢᠯᠣᠭᠤᠳᠤᠭᠰᠠᠨ ᠪᠠᠶᠢᠳᠠᠯ᠂ ᠠᠵᠢᠯ ᠤᠨ ᠠᠬᠢᠴᠠ ᠶᠢᠨ ᠪᠠᠶᠢᠳᠠᠯ ᠤᠨ ᠲᠣᠭᠤᠷᠢᠨ ᠳᠤ ᠶᠠᠷᠢᠶ᠎ᠠ ᠲᠠᠯᠪᠢᠵᠤ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ᠂ ᠠᠷᠭ᠎ᠠ ᠪᠣᠳᠣᠯᠭ᠎ᠠ ᠰᠠᠨᠠᠭᠤᠯᠭ᠎ᠠ ᠳᠤᠷᠠᠳᠴᠠᠶ᠃    ᠬᠤᠷᠠᠯ ᠠᠴᠠ᠂ ᠤᠯᠤᠰ ᠤᠨ ᠠᠷᠢᠭᠤᠨ ᠴᠡᠪᠡᠷ ᠤᠨ ᠬᠤᠳᠠ ᠪᠣᠯ ᠮᠠᠰᠢ ᠴᠢᠬᠤᠯᠠ ᠬᠤᠳᠠ ᠶᠢᠨ ᠨᠡᠷ᠎ᠡ ᠶᠢᠨ ᠬᠠᠭᠤᠳᠠᠰᠤ ᠶᠢᠨ ᠨᠢᠭᠡ ᠪᠣᠯᠬᠤ ᠪᠠᠷ ᠪᠠᠷᠠᠬᠤ ᠦᠭᠡᠢ ᠮᠦᠨ ᠴᠣ᠋ ᠬᠤᠳᠠ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ᠂ ᠬᠤᠳᠠ ᠶᠢᠨ  ᠳᠡᠰ ᠬᠡᠮ᠂ ᠪᠣᠯᠪᠠᠰᠤᠨ ᠤ ᠬᠡᠮᠵᠢᠶ᠎ᠡ ᠪᠣᠯᠤᠨ ᠡᠷᠡᠭᠦᠯ ᠮᠡᠨᠳᠦ ᠶᠢᠨ ᠲᠦᠪᠰᠢᠨ ᠤ ᠲᠥᠪᠯᠡᠷᠡᠩᠭᠦᠢ ᠢᠯᠡᠷᠡᠯ ᠪᠣᠯᠤᠨ᠎ᠠ᠃ ᠠᠷᠢᠭᠤᠨ ᠴᠡᠪᠡᠷ ᠤᠨ ᠬᠤᠳᠠ ᠶᠢ ᠪᠠᠶᠢᠭᠤᠯᠬᠤ ᠠᠵᠢᠯ ᠢ ᠡᠬᠢᠯᠡᠭᠦᠯᠦᠭᠰᠡᠨ ᠠᠴᠠ ᠨᠠᠭᠠᠰᠢ᠂ ᠡᠯ᠎ᠡ ᠵᠦᠢᠯ ᠤᠨ ᠠᠵᠢᠯ ᠢ ᠴᠥᠮ ᠡᠮᠬᠢ ᠵᠢᠷᠤᠮ ᠲᠠᠢ ᠥᠷᠨᠢᠭᠦᠯᠤᠭᠡᠳ ᠰᠠᠶᠢᠨ ᠪᠠᠶᠢᠳᠠᠯ ᠲᠠᠢ ᠪᠤᠯᠤᠭᠰᠠᠨ ᠴᠤ ᠪᠠᠰᠠ ᠮᠠᠰᠢ ᠣᠯᠠᠨ ᠲᠠᠯ᠎ᠠ ᠳᠤ ᠳᠠᠷᠤᠯᠲᠠ ᠥᠭᠴᠦ ᠨᠠᠶᠢᠳᠠᠪᠤᠷᠢᠵᠢᠭᠤᠯᠤᠨ᠂ ᠭᠤᠤᠯᠳᠠᠯᠭ᠎ᠠ ᠲᠠᠢ ᠰᠢᠢᠳᠪᠦᠷᠢᠯᠡᠬᠦ ᠴᠢᠬᠤᠯᠠᠲᠠᠶ ᠪᠠᠶᠢᠨ᠎ᠠ ᠬᠡᠵᠡᠢ᠃    ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠤᠨ᠂ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠰᠢᠨ᠎ᠡ ᠶᠢ ᠡᠭᠦᠳᠬᠦ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠲᠤᠰᠬᠠᠶ ᠪᠤᠯᠤᠩ ᠭᠠᠷᠭᠠᠬᠤ᠂ ᠵᠠᠷᠯᠠᠨ ᠢᠯᠡᠴᠢᠯᠡᠬᠦ᠂ ᠡᠷᠦᠬᠡ ᠳᠤ ᠣᠷᠣᠵᠤ ᠬᠥᠲᠥᠯᠦᠨ ᠵᠢᠯᠣᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠵᠡᠯ ᠰᠠᠨᠠᠭᠠᠨ ᠠᠴᠠ ᠨᠢ ᠬᠥᠲᠥᠯᠦᠨ ᠵᠢᠯᠣᠭᠤᠳᠬᠤ ᠪᠠ ᠤᠬᠠᠭᠤᠯᠤᠨ ᠳᠠᠶᠢᠴᠢᠯᠠᠬᠤ ᠠᠵᠢᠯ ᠢ ᠰᠠᠶᠢᠲᠤᠷ ᠬᠢᠵᠦ᠂ ᠺᠠᠳ᠋ᠷᠴᠤᠳ ᠤᠨ ᠦᠵᠡᠯ ᠰᠠᠨᠠᠭ᠎ᠠ ᠶᠢ ᠦᠨᠡᠨ ᠬᠦ ᠨᠢᠭᠡᠳᠬᠡᠨ᠂ ᠣᠯᠠᠨ ᠲᠦᠮᠡᠨ ᠢ ᠥᠷᠭᠡᠨ ᠢᠶᠠᠷ ᠳᠠᠶᠢᠴᠢᠯᠠᠵᠤ᠂ ᠪᠥᠬᠦ ᠠᠷᠠᠳ ᠢᠶᠠᠷ ᠢᠶᠠᠨ ᠪᠠᠶᠢᠭᠤᠯᠬᠤ ᠶᠢ ᠳᠡᠮᠵᠢᠬᠦ᠂ ᠪᠠᠶᠢᠭᠤᠯᠬᠤ ᠳᠤ ᠣᠷᠣᠯᠴᠠᠬᠤ ᠰᠠᠶᠢᠨ ᠰᠠᠶᠢᠬᠠᠨ ᠬᠡᠪ ᠪᠠᠶᠢᠳᠠᠯ ᠢ ᠪᠣᠶ ᠪᠣᠯᠭᠠᠬᠤ ᠬᠡᠷᠡᠭᠲᠡᠶ᠃ ᠬᠠᠷᠠᠯᠲᠠ ᠡᠭᠦᠷᠭᠡ ᠪᠠᠨ ᠳᠤᠳᠤᠷᠠᠭᠤᠯᠤᠨ᠂ ᠤᠯᠤᠰ ᠤᠨ ᠠᠷᠢᠭᠤᠨ ᠴᠡᠪᠡᠷ ᠤᠨ ᠬᠤᠲᠠ ᠶᠢ ᠪᠠᠶᠢᠭᠤᠯᠬᠤ ᠭᠦᠢᠴᠡᠳᠬᠡᠯ ᠲᠤᠭ᠎ᠠ ᠪᠣᠯᠤᠨ ᠦᠨᠡᠯᠡᠬᠦ ᠳᠣᠭᠳᠠᠯᠴᠠᠭ᠎ᠠ ᠲᠠᠢ ᠬᠠᠷᠭᠤᠭᠤᠯᠵᠤ ᠪᠠᠶᠢᠭᠠᠳ ᠡᠭᠦᠳᠦᠨ ᠪᠠᠶᠢᠭᠤᠯᠬᠤ ᠰᠡᠳᠬᠢᠴᠡ ᠪᠣᠯᠤᠨ ᠱᠠᠲᠤ ᠦᠶ᠎ᠡ ᠶᠢᠨ ᠴᠢᠨᠠᠷᠲᠠᠶ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠤᠷᠢᠳᠠᠪᠠᠷ ᠬᠢᠯᠪᠠᠷ ᠢ ᠨᠢ ᠳᠠᠷᠠᠭ᠎ᠠ ᠨᠢ ᠬᠦᠴᠢᠷᠲᠡᠶ ᠶᠢ ᠨᠢ ᠬᠢᠬᠦ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠂ ᠪᠣᠯᠪᠠᠰᠤᠷᠠᠯ ᠵᠢᠯᠣᠭᠤᠳᠣᠯᠭ᠎ᠠ ᠪᠠᠨ ᠴᠢᠩᠭᠠᠳᠬᠠᠵᠤ᠂ ᠲᠡᠷᠢᠭᠦᠨ ᠤ ᠲᠤᠷᠰᠢᠯᠭ᠎ᠠ ᠶᠢ ᠰᠤᠷᠤᠯᠴᠠᠨ᠂ ᠡᠭᠦᠷᠭᠡ ᠶᠢᠨ ᠨᠠᠷᠢᠨ ᠳᠠᠩᠰᠠ ᠶᠢ ᠭᠠᠷᠭᠠᠵᠤ᠂ ᠰᠢᠮᠳᠠᠭᠤᠯᠤᠨ ᠬᠦᠢᠴᠡᠳᠭᠡᠬᠦᠯᠬᠦ ᠲᠣᠭᠲᠠᠴᠠ ᠶᠢ ᠪᠠᠶᠢᠭᠤᠯᠤᠨ᠂ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠡᠯ᠎ᠡ ᠲᠥᠷᠥᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠵᠤ᠂ ᠤᠯᠤᠰ ᠤᠨ ᠠᠷᠢᠭᠤᠨ ᠴᠡᠪᠡᠷ ᠤᠨ ᠬᠤᠲᠠ ᠶᠢ ᠪᠠᠶᠢᠭᠤᠯᠬᠤ ᠠᠵᠢᠯ ᠠᠯᠢ ᠲᠦᠷᠭᠡᠨ ᠢᠶᠠᠷ ᠰᠢᠨ᠎ᠡ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠬᠤᠰᠢᠭᠤ ᠣᠷᠣᠨ ᠤ ᠭᠤᠤᠯ ᠴᠣᠭᠴᠠ ᠶᠢᠨ ᠬᠠᠷᠢᠭᠤᠴᠠᠯᠭ᠎ᠠ᠂ ᠠᠶᠢᠮᠠᠭ ᠤᠨ ᠱᠠᠲᠤᠨ ᠤ ᠤᠳᠤᠷᠢᠳᠤᠯᠭ᠎ᠠ ᠶᠢᠨ ᠳᠠᠭᠠᠭᠠᠴᠢᠯᠠᠨ ᠬᠠᠷᠢᠯᠴᠠᠵᠦ ᠬᠢᠨᠠᠨ ᠵᠢᠯᠣᠭᠤᠳᠬᠤ ᠬᠠᠷᠢᠭᠤᠴᠠᠯᠭ᠎ᠠ ᠪᠠ ᠡᠷᠬᠡ ᠲᠤᠰᠢᠶᠠᠯᠳᠤ ᠰᠠᠯᠠᠭ᠎ᠠ ᠮᠥᠴᠢᠷ ᠤᠨ ᠬᠠᠮᠵᠢᠯᠴᠠᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠵᠢᠯ ᠤᠨ ᠲᠣᠬᠢᠷᠠᠭᠤᠯᠤᠯᠲᠠ ᠶᠢᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠤᠨ᠂ ᠪᠥᠬᠦ ᠠᠶᠢᠮᠠᠭ ᠤᠨ ᠳᠡᠭᠡᠳᠦ ᠳᠣᠤᠷᠠᠳᠤ ᠱᠠᠲᠤ ᠪᠠᠷ ᠢᠶᠠᠨ ᠢᠳᠡᠪᠬᠢᠲᠡᠶ ᠬᠥᠳᠡᠯᠦᠯᠴᠡᠵᠦ᠂ ᠲᠣᠰ ᠲᠣᠰ ᠤᠨ ᠬᠠᠷᠢᠭᠤᠴᠠᠯᠭ᠎ᠠ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠨ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠬᠦ᠂ ᠠᠰᠠᠭᠤᠳᠠᠯ ᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠠᠵᠢᠯ ᠨᠢᠭᠡᠪᠦᠷᠢ ᠶᠢ ᠴᠥᠮ ᠠᠳᠬᠤᠬᠤ ᠬᠥᠮᠦᠨ ᠲᠠᠢ᠂ ᠬᠠᠮᠢᠶᠠᠷᠬᠤ ᠬᠥᠮᠦᠨ ᠲᠠᠢ ᠪᠠᠶᠢᠬᠤ ᠶᠢ ᠦᠨᠡᠨ ᠬᠦ ᠪᠠᠲᠤᠯᠠᠨ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠵᠦ᠂ ᠴᠤᠭᠭᠠᠷ ᠠᠳᠬᠤᠨ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠬᠡᠷᠡᠭᠲᠡᠶ ᠬᠡᠵᠦ ᠴᠢᠬᠤᠯᠠᠴᠢᠯᠠᠪᠠ᠃ 
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号