ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/8/29
    8 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠬᠢᠯᠡᠵᠡᠢ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳ᠋ᠧᠩ ᠰᠢᠶᠤᠤ ᠫᠢᠩ ᠨᠥᠬᠦᠷ ᠤᠨ ᠮᠡᠨᠳᠦᠯᠡᠭᠰᠡᠨ 120 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠤᠭ ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠷᠡᠰ ᠭᠤᠶᠢᠪᠢᠰᠢ ᠦᠭᠡᠢ ᠪᠠᠷ ᠮᠠᠤ ᠽᠧ ᠳ᠋ᠦᠩ᠂ ᠳ᠋ᠧᠩ ᠰᠢᠶᠤᠤ ᠫᠢᠩ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠨᠡᠭᠡᠭᠡᠭᠰᠡᠨ ᠵᠠᠮ ᠢᠶᠠᠷ ᠵᠠᠮᠨᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠨᠠᠮ ᠤᠨ ᠰᠢᠨ᠎ᠡ ᠡᠭᠦᠳᠦᠯᠳᠡ ᠶᠢᠨ ᠤᠨᠤᠯ ᠢᠶᠠᠷ ᠰᠡᠳᠭᠢᠯ ᠢᠶᠠᠨ ᠨᠢᠭᠡᠳᠭᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠲᠡᠭᠦᠨ ᠤ ᠳᠤᠮᠳᠠ ᠠᠴᠠ ᠤᠶᠤᠨ ᠤᠬᠠᠭᠠᠨ ᠬᠦᠴᠦᠨ ᠴᠢᠳᠠᠯ ᠣᠯᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ᠂ ᠠᠵᠢᠯ ᠤᠨ ᠰᠢᠨ᠎ᠡ ᠶᠢ ᠡᠬᠦᠳᠴᠤ ᠠᠬᠢᠭᠤᠯᠬᠤ ᠰᠡᠳᠭᠢᠮᠵᠢ ᠠᠷᠭ᠎ᠠ ᠬᠡᠮᠵᠢᠶ᠎ᠡ ᠶᠢ ᠡᠷᠢᠯᠬᠢᠯᠡᠵᠥ᠂ ᠤᠨᠤᠯ ᠢ ᠰᠤᠷᠤᠯᠴᠠᠬᠤ᠂ ᠤᠨᠤᠯ ᠢ ᠬᠡᠷᠡᠭᠯᠡᠬᠦ ᠴᠢᠳᠠᠪᠤᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠴᠢᠩᠭ᠎ᠠ ᠬᠦᠴᠦᠲᠡᠢ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠤᠯᠠᠮ ᠨᠢᠬᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠵᠤ ᠨᠠᠷᠢᠯᠢᠭ ᠠᠳᠬᠤᠵᠤ᠂ ᠦᠬᠡᠷᠡᠴᠢᠯᠡᠯᠳᠡ ᠰᠠᠶᠢᠵᠢᠷᠠᠯᠲᠠ ᠲᠠᠢ᠂ ᠦᠬᠡᠷᠡᠴᠢᠯᠡᠯᠳᠡ ᠪᠦᠳᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ ᠬᠡᠵᠥ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 33 ᠳ᠋ᠤᠭᠠᠷ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠢ ᠬᠦᠯᠢᠶᠡᠨ ᠠᠪᠴᠤ ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠥᠷᠢᠰᠥᠯᠳᠦᠭᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠪᠣᠯᠤᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ᠃ ᠳᠤᠮᠳᠠᠳᠤ ᠪᠠᠭ᠎ᠠ ᠰᠤᠷᠭᠠᠭᠤᠯᠢ ᠠᠴᠠ ᠡᠬᠢᠯᠡᠨ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠪᠤᠺᠰ ᠤᠨ ᠲᠡᠮᠡᠴᠡᠭᠡᠨ᠂ ᠪᠤᠶᠢᠺᠤ ᠪᠥᠮᠪᠦᠭᠡ᠂ ᠪᠥᠬᠡ ᠵᠡᠷᠭᠡ ᠳᠠᠪᠠᠭᠤᠯᠢᠭ ᠪᠠ ᠳᠠᠯᠳᠠ ᠬᠦᠴᠦᠨ ᠲᠠᠢ ᠲᠥᠷᠥᠯ ᠵᠦᠢᠯ ᠢ ᠪᠠᠬᠢᠵᠢᠭᠦᠯᠦᠨ ᠬᠥᠭᠵᠢᠭᠦᠯᠵᠦ᠂ ᠲᠠᠮᠢᠷᠴᠢᠳ ᠢ ᠵᠣᠬᠢᠶᠠᠨ ᠪᠠᠶᠢᠭᠤᠯᠤᠨ ᠢᠳᠡᠪᠬᠢᠲᠡᠶ ᠪᠣᠯᠪᠠᠰᠤᠷᠠᠭᠤᠯᠤᠨ ᠤᠷᠤᠯᠳᠤᠭᠠᠨ ᠳᠤ ᠪᠡᠯᠡᠳᠭᠡᠵᠦ᠂ ᠡᠯ᠎ᠡ ᠲᠥᠷᠥᠯ ᠤᠨ ᠤᠷᠤᠯᠳᠤᠭᠠᠨ ᠳᠤ ᠣᠷᠣᠯᠴᠠᠭᠤᠯᠵᠤ᠂ ᠤᠷᠤᠯᠳᠤᠭᠠᠨ ᠤ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠳᠡᠢ᠃ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠤᠨ ᠳᠦᠬᠦᠬᠡᠷᠦᠮᠵᠢ ᠶᠢ ᠰᠠᠶᠢᠲᠤᠷ ᠬᠡᠷᠡᠭᠯᠡᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡ ᠪᠠ ᠤᠬᠠᠭᠤᠯᠭ᠎ᠠ ᠶᠢ ᠴᠢᠩᠭᠠᠳᠬᠠᠨ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠢᠳᠡᠪᠬᠢᠲᠡᠶ ᠣᠷᠣᠯᠴᠠᠭᠤᠯᠵᠤ᠂ ᠡᠷᠡᠭᠦᠯ ᠴᠢᠭᠢᠷᠠᠭ ᠤᠨ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠳᠡᠢ ᠬᠡᠵᠥ ᠴᠢᠬᠤᠯᠠᠴᠢᠯᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠡᠯ᠎ᠡ ᠲᠤᠰᠬᠠᠶ ᠳᠤᠭᠤᠶᠢᠯᠠᠩ ᠪᠣᠯᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠬᠤᠯᠪᠣᠭᠳᠠᠯ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽︿ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠯ﹀ ᠤᠨ ᠲᠤᠬᠠᠢ ᠠᠵᠢᠯ ᠤᠨ ᠬᠤᠪᠢᠶᠠᠷᠢᠯᠠᠯ ᠤᠨ ᠲᠥᠰᠦᠯ︾᠂ ︽ᠠᠮᠢ ᠠᠬᠤᠶ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠦ ᠪᠠᠲᠤᠯᠠᠨ ᠂ ᠥᠭᠡᠷᠡᠴᠢᠯᠡᠯᠲᠡ ᠶᠢ ᠠᠳᠬᠤᠬᠤ ᠳᠠᠭᠠᠨ ᠵᠣᠷᠢᠭᠲᠠᠶ ᠪᠠᠷ ᠰᠢᠨ᠎ᠡ ᠶᠢ ᠡᠭᠦᠳᠬᠦ ᠮᠥᠷᠲᠡᠭᠡᠨ ᠨᠢᠭᠡᠳᠦᠯᠲᠡᠶ ᠲᠥᠯᠥᠪᠵᠢᠭᠦᠯᠬᠦ ᠶᠢ ᠴᠢᠬᠤᠯᠠᠴᠢᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠪᠥᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠬᠤ ᠬᠡᠷᠡᠭᠳᠡᠢ᠃ ᠡᠯ᠎ᠡ ᠵᠦᠢᠯ ᠤᠨ ᠠᠵᠢᠯ ᠤᠨ ᠬᠤᠭᠤᠷᠣᠨᠳᠣᠬᠢ ᠳᠣᠲᠣᠭᠠᠳᠤ ᠬᠤᠯᠪᠣᠭ᠎ᠠ ᠶᠢ ᠰᠠᠶᠢᠲᠤᠷ ᠡᠵᠡᠮᠳᠡᠵᠦ᠂ ᠰᠢᠰᠲ᠋ᠧᠮᠵᠢᠬᠦᠯᠦᠨ ᠬᠤᠷᠠᠭᠤᠯᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢ ᠰᠢᠰᠲ᠋ᠧᠮᠵᠢᠬᠦᠯᠦᠨ ᠰᠤᠳᠤᠯᠤᠨ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠦᠨᠡᠯᠡᠵᠦ ᠬᠢᠨᠠᠨ ᠰᠢᠯᠭᠠᠬᠤ ᠶᠢ ᠴᠢᠩᠭᠠᠳᠬᠠᠵᠤ᠂ ᠡᠯ᠎ᠡ ᠲᠠᠯ᠎ᠠ ᠶᠢᠨ ᠬᠢᠨ ᠤ ᠱᠠᠯᠠᠪᠳᠠᠨ ᠬᠥᠳᠡᠯᠦᠯᠴᠡᠬᠦ ᠶᠢ ᠠᠬᠢᠭᠤᠯᠵᠤ᠂ ᠬᠠᠮᠲᠤ ᠪᠠᠷ ᠥᠭᠡᠷᠡᠴᠢᠯᠡᠯᠲᠡ ᠬᠢᠬᠦ ᠳᠤ ᠬᠦᠴᠦᠯᠡᠵᠦ᠂ ᠦᠨᠡᠨ ᠪᠣᠳᠠᠲᠠᠢ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠳᠡᠢ ᠬᠡᠵᠥ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号