ᠤᠶᠢᠷ᠎ᠠ ᠳᠤ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠴᠠᠬᠳᠠᠭᠠᠨ ᠤ ᠶᠠᠪᠤᠳᠠᠯ ᠤᠨ ᠲᠤᠰᠠᠯᠠᠬᠤ ᠠᠵᠢᠯᠳᠠᠨ ᠤ ᠲᠦᠷᠢᠮ︾ ︵ᠲᠤᠷᠤᠬᠰᠢ ᠰᠢᠨ᠎ᠡ ᠪᠠᠷ | ᠵᠠᠰᠠᠪᠤᠷᠢ ᠤᠷᠤᠭᠤᠯᠤᠬᠰᠠᠨ ︽ᠲᠦᠷᠢᠮ︾ ᠬᠡᠵᠦ ᠲᠦᠬᠦᠮᠴᠢᠯᠡᠨ᠎ᠡ︶ ᠳᠤ ᠵᠠᠰᠠᠪᠤᠷᠢ ᠤᠷᠤᠭᠤᠯᠵᠤ᠂ ᠲᠤᠰ ︽ | ᠲᠦᠷᠢᠮ︾ ᠢ 2024 ᠤᠨ ᠤ 9 ᠰᠠᠷ᠎ᠠ ᠶᠢᠨ 1 ᠠᠴᠠ ᠡᠬᠢᠯᠡᠨ ᠬᠡᠷᠡᠭᠵᠢᠬᠦᠯᠦᠨ᠎ᠡ᠃ | ᠰᠢᠨ᠎ᠡ ᠪᠠᠷ ᠵᠠᠰᠠᠪᠤᠷᠢ ᠤᠷᠤᠭᠤᠯᠤᠬᠰᠠᠨ ︽ᠲᠦᠷᠢᠮ︾ ᠳᠤ ᠨᠡᠶᠢᠳᠡ 7 ᠪᠦᠯᠦᠭ᠂ 47 ᠵᠦᠢᠯ ᠲᠠᠢ᠃ | 2021 ᠤᠨ ᠤ ᠤᠤᠯ ᠤᠨ ︽ᠲᠦᠷᠢᠮ︾ ᠲᠠᠢ ᠠᠳᠠᠯᠢᠳᠬᠠᠪᠠᠯ᠂ 6 ᠵᠦᠢᠯ ᠰᠢᠨ᠎ᠡ ᠪᠠᠷ ᠨᠡᠮᠡᠭᠳᠡᠨ᠂ 20 | ᠵᠦᠢᠯ ᠳᠤ ᠵᠠᠰᠠᠪᠤᠷᠢ ᠤᠷᠤᠭᠤᠯᠵᠤ᠂ 1 ᠵᠦᠢᠯ ᠢ ᠬᠠᠰᠤᠵᠠᠢ᠃ ᠬᠢᠯᠠᠰ ᠴᠡᠭ ᠨᠢ ᠭᠤᠤᠯᠳᠠᠭᠤ 5 ᠲᠠᠯ᠎ᠠ ᠪᠠᠷ | ᠢᠯᠡᠷᠡᠵᠦ ᠪᠠᠶᠢᠨ᠎ᠠ᠃ | ᠵᠠᠰᠠᠬ ᠤᠨ ᠤᠷᠳᠤᠨ ᠤ ᠬᠠᠷᠢᠭᠤᠴᠠᠯᠭ᠎ᠠ ᠶᠢ ᠤᠯᠠᠮ ᠴᠢᠨᠠᠬᠰᠢᠳᠠ ᠪᠤᠳᠠᠳᠠᠶᠢᠵᠢᠭᠤᠯᠤᠨ ᠴᠢᠩᠭᠠᠳᠬᠠᠪᠠ᠃ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠤᠨ ᠳᠥᠷᠪᠡᠳᠦᠭᠡᠷ ᠵᠦᠢᠯ ᠳᠤ ︽ᠲᠤᠰᠠᠯᠠᠬᠤ | ᠴᠠᠭᠳᠠᠭ᠎ᠠ ᠶᠢᠨ ᠬᠠᠮᠢᠶᠠᠷᠤᠯᠲᠠ ᠶᠢᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ | ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠠᠵᠢᠯ ᠤᠨ ᠭᠤᠣᠯ ᠰᠢᠵᠢᠮ ᠪᠣᠯᠭᠠᠵᠤ᠂ ᠵᠢᠷᠤᠮᠵᠢᠯ ᠲᠠᠢ ᠬᠠᠮᠢᠶᠠᠷᠬᠤ᠂ ᠡᠷᠬᠡ ᠬᠠᠷᠢᠭᠤᠴᠠᠯᠭ᠎ᠠ ᠲᠣᠳᠣᠷᠬᠠᠢ᠂ | ᠴᠢᠩᠭ᠎ᠠ ᠬᠢᠨᠠᠯᠲᠠ ᠲᠠᠯᠪᠢᠬᠤ᠂ ᠵᠣᠬᠢᠰᠲᠠᠢ ᠪᠠᠲᠤᠯᠠᠬᠤ ᠵᠠᠷᠴᠢᠮ ᠢ ᠵᠢᠷᠤᠮᠯᠠᠬᠤ ᠬᠡᠷᠡᠭᠲᠡᠢ︾ ᠬᠡᠵᠦ ᠲᠤᠬᠳᠠᠭᠠᠵᠠᠢ᠃ | ᠬᠦᠮᠦᠨ ᠬᠡᠷᠡᠭᠯᠡᠬᠦ ᠲᠤᠭ᠎ᠠ ᠬᠡᠮᠵᠢᠶ᠎ᠡ ᠶᠢ ᠲᠡᠰ ᠳᠡᠪᠰᠢᠬᠦᠯᠦᠨ ᠬᠠᠮᠢᠶᠠᠷᠴᠠᠢ᠃ | ᠲᠤᠰᠠᠯᠠᠬᠤ ᠴᠠᠬᠳᠠᠭ᠎ᠠ ᠶᠢᠨ ᠡᠩᠨᠡᠬᠡᠨ ᠳᠤ ᠤᠷᠤᠬᠤ ᠪᠠᠷᠢᠮᠵᠢᠶ᠎ᠠ ᠶᠢ ᠦᠨᠳᠦᠷ ᠪᠤᠯᠭᠠᠵᠠᠢ᠃ ᠰᠢᠨ᠎ᠡ ᠪᠠᠷ | ᠵᠠᠰᠠᠪᠤᠷᠢ ᠤᠷᠤᠭᠤᠯᠤᠬᠰᠠᠨ ︽ᠲᠦᠷᠢᠮ︾ ᠳᠤ ︽ᠲᠤᠰᠠᠯᠠᠬᠤ ᠴᠠᠬᠳᠠᠭ᠎ᠠ ᠪᠤᠯᠬᠤ ᠳᠤ ᠵᠠᠪᠠᠯ ᠰᠢᠯᠭᠠᠭᠤᠯᠬᠤ | ᠠᠷᠭ᠎ᠠ ᠶᠢ ᠠᠪᠴᠤ᠂ ᠠᠵᠢᠯᠳᠠᠨ ᠡᠯᠰᠡᠬᠦ ᠪᠠᠷᠢᠮᠵᠢᠶ᠎ᠠ ᠪᠤᠯᠤᠨ ᠵᠢᠷᠤᠮ ᠢ ᠨᠢᠬᠡᠳᠦᠯᠵᠢᠬᠦᠯᠦᠨ᠂ ᠰᠤᠩᠭᠤᠨ ᠠᠪᠴᠤ | ᠬᠡᠷᠡᠭᠯᠡᠬᠦ ᠶᠢ ᠴᠢᠩᠭᠠᠳᠬᠠᠨ᠂ ᠨᠡᠶᠢᠬᠡᠮ ᠤᠨ ᠬᠢᠨᠠᠯᠳᠠ ᠶᠢ ᠬᠦᠯᠢᠶᠡᠨ᠎ᠡ︾ ᠬᠡᠵᠦ ᠨᠡᠮᠡᠨ ᠲᠤᠬᠳᠠᠭᠠᠵᠠᠢ᠃ | ᠲᠤᠰᠠᠯᠠᠬᠤ ᠴᠠᠬᠳᠠᠭ᠎ᠠ ᠶᠢᠨ ᠴᠠᠯᠢᠩ ᠬᠦᠯᠦᠰᠦ ᠪᠠ ᠤᠯᠭᠤᠮᠵᠢ ᠬᠦᠷᠳᠡᠬᠡᠮᠵᠢ ᠶᠢ ᠨᠡᠩ ᠪᠠᠳᠤᠯᠠᠭ᠎ᠠ ᠲᠠᠢ | ᠪᠤᠯᠭᠠᠵᠠᠢ᠃ ᠰᠢᠨ᠎ᠡ ᠪᠠᠷ ᠵᠠᠰᠠᠪᠤᠷᠢ ᠤᠷᠤᠭᠤᠯᠤᠬᠰᠠᠨ ︽ᠲᠦᠷᠢᠮ︾ ᠳᠤ ︽ᠠᠶᠢᠮᠠᠬ ᠤᠨ ᠵᠠᠬᠢᠷᠭ᠎ᠠ᠂ ᠬᠠᠷᠢᠶᠠᠳᠤ | ᠤᠷᠤᠨ ᠲᠤᠬᠢᠷᠠᠭᠤᠯᠤᠬᠰᠠᠨ ᠬᠤᠳᠠ ᠪᠤᠯᠤᠨ ᠬᠤᠰᠢᠭᠤ ᠰᠢᠶᠠᠨ ᠤ ᠲᠡᠰ ᠤᠨ ᠠᠷᠠᠳ ᠤᠨ ᠵᠠᠰᠠᠬ ᠤᠨ ᠤᠷᠳᠤᠨ | ᠲᠤᠰᠠᠯᠠᠬᠤ ᠴᠠᠬᠳᠠᠭ᠎ᠠ ᠶᠢᠨ ᠴᠠᠯᠢᠩ ᠬᠦᠯᠦᠰᠦ ᠪᠠ ᠤᠯᠭᠤᠮᠵᠢ ᠬᠦᠷᠳᠡᠬᠡᠮᠵᠢ ᠶᠢᠨ ᠲᠦᠷᠢᠮ ᠶᠤᠰᠤᠭᠠᠷ ᠲᠤᠰ ᠭᠠᠵᠠᠷ | ᠤᠷᠤᠨ ᠤ ᠲᠡᠭᠡᠷ᠎ᠡ ᠵᠢᠯ ᠤᠨ ᠠᠵᠢᠯ ᠤᠨ ᠪᠠᠶᠢᠷᠢᠨ ᠳᠤ ᠪᠠᠶᠢᠭ᠎ᠠ ᠠᠵᠢᠯᠳᠠᠨ ᠤ ᠲᠤᠮᠳᠠᠴᠢ ᠴᠠᠯᠢᠩ ᠤᠨ | ᠲᠦᠪᠰᠢᠨ ᠢᠶᠠᠷ ᠯᠠᠪᠯᠠᠯᠳᠠ ᠪᠤᠯᠭᠠᠵᠦ᠂ ᠲᠤᠰ ᠭᠠᠵᠠᠷ ᠤᠷᠤᠨ ᠤ ᠲᠤᠰᠠᠯᠠᠬᠤ ᠴᠠᠬᠳᠠᠭ᠎ᠠ ᠶᠢᠨ ᠴᠠᠯᠢᠩ ᠬᠦᠯᠦᠰᠦ ᠶᠢᠨ | ᠪᠤᠳᠠᠳᠠᠢ ᠪᠠᠷᠢᠮᠵᠢᠶ᠎ᠠ ᠶᠢ ᠬᠢᠨᠠᠨ ᠲᠤᠬᠳᠠᠭᠠᠵᠤ᠂ ᠡᠭᠦᠨ ᠤ ᠬᠠᠮᠳᠦ ᠠᠵᠤ ᠠᠬᠤᠢ ᠨᠡᠶᠢᠬᠡᠮ ᠤᠨ ᠬᠦᠭᠵᠢᠯᠳᠡ ᠶᠢᠨ | ᠪᠠᠶᠢᠳᠠᠯ᠂ ᠡᠳ᠋ ᠤᠨ ᠵᠠᠰᠠᠬ ᠤᠨ ᠨᠡᠮᠡᠭᠳᠡᠯ ᠤᠨ ᠪᠠᠶᠢᠳᠠᠯ ᠢ ᠦᠨᠳᠦᠰᠦᠯᠡᠨ᠂ ᠬᠦᠳᠡᠯᠦᠩᠬᠦᠢ ᠪᠠᠷ ᠲᠤᠬᠢᠷᠠᠭᠤᠯᠬᠤ | ᠲᠤᠬᠳᠠᠴᠠ ᠶᠢ ᠪᠠᠶᠢᠭᠤᠯᠪᠠᠯ ᠵᠤᠬᠢᠨ᠎ᠠ︾ ᠬᠡᠵᠦ ᠲᠤᠬᠳᠠᠭᠠᠵᠠᠢ᠃ | ᠲᠤᠰᠠᠯᠠᠬᠤ ᠴᠠᠬᠳᠠᠭ᠎ᠠ ᠶᠢᠨ ᠲᠤᠰᠢᠶᠠᠯ ᠢᠶᠠᠨ ᠬᠦᠢᠴᠡᠳᠬᠡᠬᠦ ᠶᠢ ᠴᠢᠩᠭ᠎ᠠ ᠵᠢᠷᠤᠮᠵᠢᠭᠤᠯᠵᠠᠢ᠃ ᠪᠣᠳᠠᠲᠤ | ᠪᠠᠶᠢᠳᠠᠯ ᠳᠤ ᠵᠣᠬᠢᠴᠠᠭᠤᠯᠬᠤ ᠶᠢᠨ ᠲᠥᠯᠥᠭᠡ᠂ ᠠᠷᠪᠠᠨ ᠵᠢᠷᠭᠤᠳᠤᠭᠠᠷ ᠵᠦᠢᠯ ᠳᠤ ᠨᠢᠭᠡ ᠵᠦᠢᠯ ᠤᠨ ᠲᠤᠰᠠᠯᠠᠬᠤ | ᠴᠠᠭᠳᠠᠭ᠎ᠠ ᠶᠢᠨ ᠲᠤᠰᠢᠶᠠᠯ ᠬᠠᠷᠢᠭᠤᠴᠠᠯᠭ᠎ᠠ ᠶᠢ ᠨᠡᠮᠡᠨ ᠤᠷᠤᠭᠤᠯᠵᠠᠢ᠄ ︽ᠲᠤᠰᠠᠯᠠᠬᠤ ᠴᠠᠬᠳᠠᠭ᠎ᠠ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠬᠤᠭᠤᠴᠠᠭᠠᠨ ᠳᠤ ᠲᠣᠭᠲᠠᠭᠠᠯ ᠶᠣᠰᠣᠭᠠᠷ ᠴᠠᠭᠳᠠᠭᠠᠨ ᠳᠤ ᠬᠡᠷᠡᠭᠯᠡᠬᠦ ᠮᠠᠰᠢᠨ | ᠲᠡᠷᠬᠡ ᠵᠡᠷᠭᠡ ᠴᠠᠭᠳᠠᠭᠠᠨ ᠳᠤ ᠬᠡᠷᠡᠭᠯᠡᠬᠦ ᠵᠠᠮ ᠬᠠᠷᠢᠯᠴᠠᠭᠠᠨ ᠤ ᠪᠠᠭᠠᠵᠢ ᠶᠢ ᠵᠢᠯᠤᠭᠤᠳᠴᠤ᠂ ᠴᠠᠭᠳᠠᠭᠠᠨ ᠳᠤ ᠬᠡᠷᠡᠭᠯᠡᠬᠦ | ᠮᠠᠰᠢᠨ ᠬᠥᠮᠥᠨ᠂ ᠵᠢᠯᠣᠭᠤᠴᠢ ᠦᠭᠡᠢ ᠨᠢᠰᠬᠡᠯ ᠵᠡᠷᠭᠡ ᠴᠠᠭᠳᠠᠭᠠᠨ ᠳᠤ ᠬᠡᠷᠡᠭᠯᠡᠬᠦ ᠣᠶᠤᠨᠴᠢ ᠲᠥᠬᠦᠭᠡᠷᠦᠮᠵᠢ ᠶᠢ | ᠬᠠᠤᠯᠢ ᠶᠣᠰᠣᠭᠠᠷ ᠡᠵᠡᠮᠳᠡᠵᠦ ᠪᠣᠯᠣᠨ᠎ᠠ︾᠃ | ᠰᠢᠨ᠎ᠡ ᠪᠠᠷ ᠵᠠᠰᠠᠪᠤᠷᠢ ᠤᠷᠤᠭᠤᠯᠤᠬᠰᠠᠨ ︽ᠲᠦᠷᠢᠮ︾ ᠤᠨ ᠠᠴᠢ ᠬᠤᠯᠪᠤᠬᠳᠠᠯ ᠪᠤᠯᠤᠨ ᠨᠦᠯᠦᠬᠡ ᠳᠤᠰᠬᠠᠯ᠄ | ᠲᠤᠰᠠᠯᠠᠬᠤ ᠴᠠᠬᠳᠠᠭ᠎ᠠ ᠶᠢᠨ ᠡᠩᠨᠡᠬᠡᠨ ᠤ ᠬᠠᠮᠢᠶᠠᠷᠤᠯᠳᠠ ᠶᠢᠨ ᠦᠷ᠎ᠡ ᠪᠦᠳᠦᠮᠵᠢ ᠪᠠ ᠡᠭᠦᠷᠭᠡ ᠴᠢᠳᠠᠪᠬᠢ ᠶᠢ | ᠲᠡᠭᠡᠭᠰᠢᠯᠡᠬᠦᠯᠦᠨ᠎ᠡ︔ ᠲᠤᠰᠠᠯᠠᠬᠤ ᠴᠠᠬᠳᠠᠭ᠎ᠠ ᠶᠢᠨ ᠬᠠᠤᠯᠢ ᠶᠤᠰᠤᠨ ᠤ ᠡᠷᠬᠡ ᠠᠰᠢᠬ ᠢ ᠨᠡᠩ ᠰᠠᠶᠢᠳᠤᠷ ᠪᠠᠳᠤᠯᠠᠨ᠎ᠠ︔ | ᠲᠤᠰᠠᠯᠠᠬᠤ ᠴᠠᠬᠳᠠᠭ᠎ᠠ ᠶᠢᠨ ᠡᠩᠨᠡᠬᠡᠨ ᠤ ᠲᠤᠬᠳᠠᠭᠤᠨ ᠪᠠᠶᠢᠳᠠᠯ ᠢ ᠠᠬᠢᠭᠤᠯᠤᠨ᠎ᠠ᠃ |