ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠨᠠᠰᠤᠲᠠᠶᠢᠴᠤᠳ ᠤᠨ ᠬᠦᠷᠢᠶᠡᠯᠡᠯ ᠢ ᠣᠯᠵᠣ ᠪᠠᠶᠢᠨ᠎ᠠ
ᠨᠡᠶᠢᠲᠡᠯᠡᠭᠰᠡᠨ ᠴᠠᠭ᠄
2024/8/30
    ᠲᠡᠭᠷᠢ ᠡᠯᠡᠰᠣ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠶᠢᠨ ᠴᠡᠪᠡᠷ ᠴᠡᠮᠴᠡᠭᠡᠷ ᠣᠷᠴᠢᠨ ᠳᠤ ᠨᠠᠰᠤᠲᠠᠶᠢᠴᠤᠳ ᠨᠢᠭᠡ ᠳᠣᠣᠷ᠎ᠠ ᠴᠤᠭᠯᠠᠷᠠᠨ ᠵᠣᠭᠤᠭ ᠳᠡᠯᠭᠡᠨ᠂ ᠲᠧᠯᠸᠢᠰ ᠦᠵᠡᠵᠡᠭᠡᠵᠣ᠂ ᠪᠡᠶ᠎ᠡ ᠪᠡᠶ᠎ᠡ ᠳᠡᠭᠡᠨ ᠬᠠᠨᠢ ᠪᠣᠯᠵᠣ ᠪᠠᠶᠠᠷ ᠬᠦᠷ ᠲᠠᠢ ᠰᠠᠭᠤᠵᠠᠭᠠᠨ᠎ᠠ᠃ ᠳᠡᠳᠡ ᠰᠢᠮ᠎ᠡ ᠲᠡᠵᠢᠭᠡᠯ ᠲᠠᠢ ᠬᠤᠭᠤᠯᠠ ᠪᠤᠳᠠᠭ᠎ᠠ ᠢᠳᠡᠵᠦ᠂ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡ ᠶᠢ ᠡᠳ᠋ᠯᠡᠨ᠂ ᠤᠯᠠᠨ ᠲᠦᠷᠦᠯ ᠤᠨ ᠰᠣᠶᠣᠯ ᠴᠡᠩᠭᠡᠯ ᠤᠨ ᠠᠵᠢᠯᠯᠠᠭ᠎ᠠ ᠳᠤ ᠣᠷᠣᠯᠴᠠᠵᠣ᠂ ᠦᠳᠡᠯᠦᠭᠡ ᠨᠠᠰᠣ ᠪᠠᠨ ᠣᠳᠭ᠎ᠠ ᠠᠭᠤᠯᠭ᠎ᠠ ᠲᠠᠢ ᠦᠩᠭᠡᠷᠡᠬᠦᠯᠣᠨ᠎ᠠ᠃ ᠲᠡᠭᠷᠢ ᠡᠯᠡᠰᠣ ᠪᠠᠯᠭᠠᠰᠤᠨ ᠤ ᠤᠯᠠᠭᠠᠨᠬᠠᠳᠠ ᠭᠠᠴᠠᠭᠠᠨ ᠤ ᠨᠠᠰᠤᠲᠠᠨ ᠮᠦ ᠰᠢᠤ ᠯᠠᠨ᠄ ︽ᠭᠡᠷ ᠠᠴᠠ ᠳᠡᠮᠡᠢ ᠬᠤᠯᠠ ᠦᠭᠡᠢ᠂ ᠬᠡᠳᠦᠬᠡᠨ ᠠᠯᠬᠤᠪᠠᠯ ᠬᠦᠷᠦᠭᠡᠳ ᠢᠷᠡᠴᠢᠬᠡᠨ᠎ᠡ᠂ ᠠᠳᠡᠬᠢ ᠣᠷᠴᠢᠨ ᠳᠣᠭᠤᠷᠢᠨ ᠰᠠᠶᠢᠨ᠂ ᠰᠢᠯᠢᠳᠡᠭ ᠦᠢᠯᠡᠴᠢᠯᠡᠭᠡ ᠲᠠᠢ᠂ ᠨᠠᠰᠤᠵᠢᠯ ᠤᠨ ᠠᠰᠠᠷᠠᠮᠵᠢ ᠶᠢᠨ ᠲᠥᠬᠦᠭᠡᠷᠦᠮᠵᠢ ᠪᠦᠷᠢᠨ ᠲᠡᠭᠦᠯᠳᠡᠷ ᠪᠠᠶᠢᠳᠠᠭ᠃ ᠪᠢᠳᠠ ᠬᠥᠵᠥᠷ ᠳᠣᠭᠯᠠᠨ ᠬᠠᠮᠳᠣ ᠳᠠᠭᠠᠨ ᠪᠠᠶᠠᠷ ᠬᠦᠷ ᠲᠠᠢ ᠴᠠᠭ ᠢ ᠦᠩᠭᠡᠷᠡᠬᠦᠯᠳᠡᠭ ᠶᠤᠮ︾ ᠭᠡᠵᠣ ᠶᠠᠷᠢᠨ᠎ᠠ᠃    ᠲᠡᠭᠷᠢ ᠡᠯᠡᠰᠣ ᠪᠠᠯᠭᠠᠰᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ ᠪᠦᠲᠦᠭᠡᠨ ᠪᠠᠶᠢᠭᠤᠯᠣᠭᠰᠠᠨ ᠨᠢ ᠬᠤᠶᠠᠷᠬᠤᠳᠳᠤᠭ ᠤᠨ ᠬᠦᠳᠡᠭᠡ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ 2024 ᠣᠨ ᠤ ᠠᠷᠠᠳ ᠲᠤ ᠬᠢᠬᠦ ᠪᠤᠳᠠᠲᠠᠢ ᠠᠵᠢᠯ ᠤᠨ ᠨᠢᠭᠡ ᠶᠤᠮ᠂ ᠦᠢᠯᠡᠴᠢᠯᠡᠭᠡᠨ ᠤ ᠥᠷᠲᠡᠭᠡ ᠶᠢᠨ ᠡᠵᠡᠯᠡᠬᠦ ᠲᠠᠯᠠᠪᠠᠶ ᠨᠢ ᠪᠠᠷᠤᠭ 200 ᠲᠡᠭᠰᠢ ᠳᠥᠷᠪᠡᠯᠵᠢᠨ ᠮᠧᠲᠷ ᠪᠠᠶᠢᠵᠤ᠂ 13.5 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠡᠭᠦᠨ ᠳᠤ ᠡᠳᠣᠷ ᠢᠶᠠᠷ ᠬᠠᠷᠠᠭᠠᠯᠵᠠᠬᠤ ᠡᠷᠦᠭᠡ᠂ ᠡᠷᠡᠭᠦᠯᠵᠢᠯ ᠤᠨ ᠡᠷᠦᠭᠡ᠂ ᠵᠤᠭ᠎ᠠ ᠴᠡᠩᠭᠡᠯ ᠤᠨ ᠡᠷᠦᠭᠡ ᠵᠡᠷᠭᠡ ᠣᠯᠠᠨ ᠵᠦᠢᠯ ᠤᠨ ᠴᠢᠳᠠᠮᠵᠢᠲᠤ ᠣᠷᠣᠨ ᠢ ᠲᠣᠬᠢᠷᠠᠭᠤᠯᠵᠤ᠂ ᠡᠷᠬᠢᠨ ᠲᠣᠭᠤᠷᠢᠨ ᠤ ᠭᠠᠴᠠᠭ᠎ᠠ ︵ᠨᠡᠶᠢᠭᠡᠮ ᠲᠣᠭᠤᠷᠢᠭ︶ ᠳᠤ ᠪᠠᠶᠢᠩᠭᠤ ᠰᠠᠭᠤᠭ᠎ᠠ 60 ᠭᠠᠷᠤᠢ ᠨᠠᠰᠤᠲᠠᠶᠢᠴᠤᠳ ᠲᠤ ᠦᠢᠯᠡᠴᠢᠯᠡᠨ᠂ 8 ᠰᠠᠷ᠎ᠠ ᠶᠢᠨ 15 ᠤ ᠡᠳᠦᠷ ᠠᠴᠠ ᠡᠬᠢᠯᠡᠨ ᠠᠰᠢᠭᠯᠠᠯᠲᠠ ᠳᠤ ᠣᠷᠣᠭᠤᠯᠵᠡᠢ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ ᠪᠠᠶᠢᠭᠤᠯᠣᠭᠰᠠᠨ ᠨᠢ ᠨᠠᠰᠤᠲᠠᠶᠢᠴᠤᠳ ᠲᠤ ᠣᠶᠢᠷ᠎ᠠ ᠬᠠᠪᠢ ᠳᠠᠭᠠᠨ ᠠᠰᠠᠷᠠᠮᠵᠢ ᠬᠠᠷᠠᠭᠠᠯᠵᠠᠯ ᠬᠦᠷᠳᠡᠬᠦ ᠳᠤ ᠲᠦᠬᠦᠮ ᠦᠵᠡᠬᠦᠯᠵᠦ᠂ ᠦᠷ᠎ᠠ ᠭᠡᠣᠭᠡᠳ ᠤᠨ ᠬᠢᠨᠢ ᠳᠠᠷᠣᠭᠠᠰᠣ ᠶᠢ ᠬᠦᠩᠭᠡᠷᠡᠬᠦᠯᠣᠨ ᠨᠠᠰᠤᠲᠠᠶᠢᠴᠤᠳ ᠤᠨ ᠬᠦᠷᠢᠶᠡᠯᠡᠯ ᠢ ᠣᠯᠣᠭᠰᠠᠨ ᠪᠠᠶᠢᠨ᠎ᠠ᠃    ᠲᠡᠭᠷᠢ ᠡᠯᠡᠰᠣ ᠪᠠᠯᠭᠠᠰᠤᠨ ᠤ ᠳᠡᠳ᠋ ᠳᠠᠷᠤᠭ᠎ᠠ ᠶᠠᠩ ᠵᠢᠶᠠ ᠴᠢ᠄ ︽ᠪᠢᠳᠡ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠳᠤ ᠲᠦᠰᠢᠭᠯᠡᠨ ︿15 ᠮᠢᠨᠦ᠋ᠲ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠤᠷᠢᠭ﹀ ᠢ ᠪᠠᠶᠢᠭᠤᠯᠵᠤ᠂ ᠨᠠᠰᠤᠲᠠᠶᠢᠴᠤᠳ ᠲᠤ ᠦᠢᠯᠡᠴᠢᠯᠡᠬᠦ ᠣᠯᠠᠨ ᠰᠠᠶᠢᠬᠠᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠪᠡᠯ᠂ ᠣᠯᠠᠩᠬᠢ ᠲᠣᠭᠠᠨ ᠤ ᠨᠠᠰᠤᠲᠠᠶᠢᠴᠤᠳ ᠤᠨ ᠣᠶᠢᠷ᠎ᠠ ᠬᠠᠪᠢ ᠳᠠᠭᠠᠨ ᠠᠰᠠᠷᠠᠵᠣ ᠬᠠᠷᠠᠭᠠᠯᠵᠠᠭᠤᠯᠬᠤ ᠬᠡᠷᠡᠭᠴᠡᠭᠡ ᠶᠢ ᠬᠠᠩᠭᠠᠵᠤ ᠳᠡᠶᠢᠯᠬᠦ ᠮᠥᠷᠲᠡᠭᠡᠨ ᠳᠡᠳᠡᠨᠠᠷ ᠤᠨ ᠦᠷ᠎ᠡ ᠬᠡᠦᠬᠡᠳ ᠤᠨ ᠳᠠᠷᠣᠭᠠᠰᠣ ᠶᠢ ᠬᠦᠩᠭᠡᠷᠡᠬᠦᠯᠣᠨ᠂ ᠦᠢᠯᠡᠴᠢᠯᠡᠭᠡᠨ ᠤ ᠥᠷᠲᠡᠭᠡ ᠶᠢ ᠭᠡᠷ ᠤᠨ ᠡᠭᠦᠳᠡᠨ ᠳᠠᠬᠢ ᠵᠣᠯ ᠵᠢᠷᠭᠠᠯ ᠤᠨ ᠥᠷᠲᠡᠭᠡ ᠪᠣᠯᠭᠠᠬᠤ ᠪᠠᠷ ᠴᠢᠷᠮᠠᠶᠢᠵᠣ ᠪᠠᠶᠢᠨ᠎ᠠ︾ ᠭᠡᠪᠡ᠃    ᠵᠢᠱᠢᠶ᠎ᠡ ᠦᠵᠡᠭᠦᠯᠬᠦ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ᠂ ᠠᠰᠠᠷᠠᠭᠴᠢ ᠶᠠᠭ ᠰᠠᠶ᠋ᠢᠬᠠᠨ ᠰᠢᠨ᠎ᠡ ᠪᠠᠷ ᠣᠷᠣᠭᠤᠯᠤᠭᠰᠠᠨ ᠢᠵᠢ ᠪᠦᠷᠢᠳᠦᠭᠦᠯᠬᠦ ᠲᠥᠬᠦᠭᠡᠷᠦᠮᠵᠢ᠂ ᠲᠠᠮᠢᠷ ᠤᠨ ᠪᠠᠭᠠᠵᠢ ᠬᠡᠷᠡᠭᠰᠡᠯ᠂ ᠢᠯᠢᠯᠭᠡ ᠶᠢᠨ ᠰᠠᠨᠳᠠᠯᠢ᠂ ᠰᠢᠲᠠᠷ᠎ᠠ ᠶᠢᠨ ᠰᠢᠷᠡᠭᠡ ᠵᠡᠷᠭᠡ ᠲᠥᠬᠦᠭᠡᠷᠦᠮᠵᠢ ᠶᠢ ᠴᠡᠪᠡᠷᠯᠡᠵᠦ ᠶᠠᠭᠠᠷᠠᠨ᠎ᠠ᠃ ᠲᠣᠰ ᠲᠥᠪ ᠨᠢ ᠴᠠᠩ ᠴᠢᠩ ᠤᠨ ᠲᠡᠭᠷᠢ ᠡᠷᠡᠭᠦᠯ ᠮᠡᠨᠳᠦ ᠶᠢᠨ ᠰᠤᠪᠢᠯᠠᠯᠲᠠ ᠶᠢᠨ ᠲᠥᠪ ᠤᠨ ᠰᠤᠯᠠ ᠪᠠᠶᠢᠬᠤ ᠭᠡᠷ ᠪᠠᠶᠢᠰᠢᠩ ᠢᠶᠠᠷ ᠰᠠᠭᠤᠷᠢ ᠪᠣᠯᠭᠠᠵᠣ ᠲᠠᠰ ᠳᠡᠪᠰᠢᠭᠦᠯᠦᠨ ᠥᠭᠡᠷᠡᠴᠢᠯᠡᠬᠦ ᠶᠢᠨ ᠬᠠᠮᠲᠤ ᠵᠡᠮᠳᠡᠭᠴᠦᠳ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ ᠵᠡᠮᠳᠡᠭᠴᠦᠳ ᠤᠨ ᠡᠷᠡᠭᠦᠯᠵᠢᠯ ᠤᠨ ᠲᠠᠰᠤᠭ ᠢ ᠪᠠᠶᠢᠭᠤᠯᠵᠤ᠂ ᠨᠠᠰᠤᠲᠠᠶᠢᠴᠤᠳ ᠪᠠ ᠵᠡᠮᠳᠡᠭᠴᠦᠳ ᠲᠤ ᠡᠳᠦᠷ ᠤᠨ ᠨᠠᠶᠢᠳᠠᠯᠭ᠎ᠠ ᠶᠢᠨ ᠬᠠᠷᠠᠭᠠᠯᠵᠠᠯ᠂ ᠬᠤᠭᠤᠯᠠ ᠤᠮᠳᠠ ᠤᠬᠢᠶᠠᠯᠭ᠎ᠠ ᠴᠡᠪᠡᠷᠯᠡᠭᠡ᠂ ᠡᠷᠡᠭᠦᠯ ᠮᠡᠨᠳᠦ ᠶᠢᠨ ᠵᠢᠯᠣᠭᠤᠳᠤᠯᠭ᠎ᠠ᠂ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠵᠡᠷᠭᠡ ᠡᠯ᠎ᠡ ᠵᠦᠢᠯ ᠤᠨ ᠦᠢᠯᠡᠴᠢᠯᠡᠭᠡ ᠶᠢ ᠬᠠᠩᠭᠠᠵᠤ ᠪᠠᠶᠢᠨ᠎ᠠ᠃    ᠵᠢᠷᠭᠠᠯᠰᠠᠶᠢᠬᠠᠨ ᠪᠠᠯᠭᠠᠰᠤᠨ ᠤ ᠬᠤᠶᠠᠷᠬᠤᠳᠳᠤᠭ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠵᠣᠣ ᠸᠧᠨ ᠵᠢᠶᠦ᠋ᠨ᠄ ︽ᠣᠳᠣᠬᠠᠨ ᠳᠤ᠂ ᠮᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠨᠢᠭᠡᠨᠲᠡ ᠵᠡᠮᠳᠡᠭᠴᠦᠳ᠂ ᠨᠠᠰᠤᠲᠠᠶᠢᠴᠤᠳ ᠤᠨ ᠡᠷᠡᠭᠦᠯᠵᠢᠯ ᠤᠨ ᠵᠠᠰᠠᠯ᠂ ᠤᠬᠢᠶᠠᠯᠭ᠎ᠠ᠂ ᠶᠠᠪᠣᠵᠣ ᠰᠠᠭᠤᠬᠤ ᠳᠤ ᠲᠤᠰᠠᠯᠠᠬᠤ᠂ ᠬᠤᠭᠤᠯᠠ ᠤᠮᠳᠠ ᠪᠠᠷ ᠲᠤᠰᠠᠯᠠᠬᠤ ᠡᠮᠦᠨᠡᠬᠢ ᠬᠤᠭᠤᠴᠠᠭᠠᠨ ᠤ ᠥᠭᠡᠷᠡᠴᠢᠯᠡᠨ ᠲᠠᠰ ᠳᠡᠪᠰᠢᠭᠦᠯᠬᠦ ᠠᠵᠢᠯ ᠢ ᠳᠠᠭᠤᠰᠬᠠᠵᠤ᠂ ᠣᠲᠣ ᠨᠢᠭᠡᠨᠲᠡ ᠰᠡᠭᠦᠯ ᠬᠤᠷᠢᠶᠠᠬᠤ ᠱᠠᠲᠤᠨ ᠳᠤ ᠣᠷᠣᠭᠠᠳ ᠪᠠᠶᠢᠨ᠎ᠠ᠂ ᠵᠢᠱᠢᠯᠲᠡ ᠪᠠᠷ ᠪᠢᠳᠡ 9 ᠰᠠᠷ᠎ᠠ ᠶᠢᠨ ᠡᠬᠢ ᠪᠠᠷ ᠵᠢᠩᠬᠢᠨᠢ ᠪᠠᠷ ᠲᠤᠷᠰᠢᠨ ᠠᠵᠢᠯᠯᠠᠬᠤ ᠪᠣᠯᠣᠨ᠎ᠠ︾ ᠭᠡᠪᠡ᠃    ᠣᠶᠢᠷ᠎ᠠ ᠶᠢᠨ ᠵᠢᠯ ᠳᠤ᠂ ᠵᠢᠱᠢᠶ᠎ᠡ ᠦᠵᠡᠭᠦᠯᠬᠦ ᠣᠷᠣᠨ ᠨᠢ ᠨᠠᠰᠤᠲᠠᠶᠢᠴᠤᠳ ᠢᠶᠠᠷ ᠦᠨᠳᠦᠰᠦ ᠪᠣᠯᠭᠠᠬᠤ ᠶᠢ ᠪᠠᠷᠢᠮᠳᠠᠯᠠᠨ᠂ ᠰᠢᠨ᠎ᠡ ᠴᠠᠭ ᠦᠶ᠎ᠡ ᠶᠢᠨ ᠨᠠᠰᠤᠲᠠᠶᠢᠴᠤᠳ ᠲᠤ ᠦᠢᠯᠡᠴᠢᠯᠡᠬᠦ ᠰᠢᠨ᠎ᠡ ᠠᠷᠭ᠎ᠠ ᠵᠠᠮ ᠢ ᠢᠳᠡᠪᠬᠢᠲᠡᠢ ᠬᠠᠶᠢᠨ ᠰᠦᠪᠡᠭᠴᠢᠯᠡᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠴᠢᠬᠤᠯᠠ ᠠᠭᠤᠯᠭ᠎ᠠ ᠪᠣᠯᠭᠠᠵᠤ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠪᠠᠷ ᠰᠠᠭᠤᠷᠢ ᠪᠣᠯᠭᠠᠭᠰᠠᠨ᠂ ᠨᠡᠶᠢᠭᠡᠮ ᠲᠣᠭᠤᠷᠢᠭ ᠤᠨ ᠦᠢᠯᠡᠴᠢᠯᠡᠭᠡ ᠪᠠᠷ ᠲᠦᠰᠢᠭ ᠪᠣᠯᠭᠠᠭᠰᠠᠨ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠪᠠᠷ ᠨᠥᠬᠦᠪᠦᠷᠢ ᠪᠣᠯᠭᠠᠭᠰᠠᠨ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠪᠠᠷ ᠪᠠᠷᠢᠮᠵᠢᠶ᠎ᠠ ᠪᠣᠯᠭᠠᠭᠰᠠᠨ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠬᠦᠴᠦᠯᠡᠨ ᠪᠠᠶᠢᠭᠤᠯᠵᠤ᠂ ᠥᠷᠭᠡᠨ ᠣᠯᠠᠨ ᠲᠦᠮᠡᠨ ᠤ ︽ᠭᠡᠷ ᠤᠨ ᠡᠭᠦᠳᠡᠨ ᠳᠠᠬᠢ ᠵᠣᠯ ᠵᠢᠷᠭᠠᠯ︾ ᠢ ᠦᠨᠡᠨ ᠬᠦ ᠪᠠᠲᠤᠯᠠᠵᠤ᠂ ᠣᠯᠠᠨ ᠲᠦᠮᠡᠨ ᠳᠤ ᠵᠣᠯ ᠵᠢᠷᠭᠠᠯ ᠤᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠣᠯᠭᠤᠵᠡᠢ᠃ ︽ᠪᠢᠳᠡ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠲᠠᠰᠤᠷᠠᠯᠲᠠ ᠦᠭᠡᠢ ᠨᠡᠮᠡᠭᠳᠡᠬᠦᠯᠣᠨ᠂ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠬᠦᠯᠣᠨ᠂ ᠨᠠᠰᠤᠵᠢᠯ ᠤᠨ ᠠᠰᠠᠷᠠᠮᠵᠢ ᠶᠢᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠤ᠂ ᠨᠠᠰᠤᠲᠠᠶᠢᠴᠤᠳ ᠤᠨ ᠤᠯᠠᠨ ᠲᠡᠰ ᠳᠠᠪᠬᠤᠷᠭ᠎ᠠ ᠶᠢᠨ ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠶᠢ ᠬᠠᠩᠭᠠᠨ᠂ ᠪᠣᠳᠠᠲᠤ ᠠᠵᠢᠯᠯᠠᠭ᠎ᠠ ᠪᠠᠷ ᠢᠶᠠᠨ ᠵᠣᠯ ᠵᠢᠷᠭᠠᠯ ᠤᠨ ᠠᠰᠠᠷᠠᠮᠵᠢ ᠶᠢᠨ ᠦᠷᠳᠡᠭᠡ ᠶᠢ ᠴᠣᠭᠴᠠᠯᠠᠬᠤ ᠪᠣᠯᠣᠨ᠎ᠠ︾ ᠭᠡᠵᠣ ᠵᠢᠱᠢᠶ᠎ᠡ ᠦᠵᠡᠭᠦᠯᠬᠦ ᠣᠷᠣᠨ ᠤ ᠨᠡᠶᠢᠭᠡᠮ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠣᠳᠣᠨ ᠶᠠᠷᠢᠯ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号