ᠮᠠᠨ ᠤ ᠠᠶᠢᠮᠠᠭ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠲᠠᠰᠤᠷᠠᠯᠲᠠ ᠦᠬᠡᠢ ᠬᠦᠨᠵᠡᠭᠡᠶᠢᠷᠡᠵᠦ ᠪᠠᠶᠢᠨ᠎ᠡ
ᠨᠡᠶᠢᠲᠡᠯᠡᠭᠰᠡᠨ ᠴᠠᠭ᠄
2024/8/30
    ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠤᠨ᠂ ᠰᠠᠶᠢᠲᠤᠷ ᠳᠣᠣᠱᠯᠠᠭᠤᠯᠬᠤ ᠪᠣᠯ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠤᠯᠤᠰ ᠲᠥᠷᠥ ᠶᠢᠨ ᠴᠢᠬᠤᠯᠠ ᠡᠭᠦᠷᠭᠡ ᠮᠥᠨ᠃ ᠤᠢᠢᠷ᠎ᠠ ᠶᠢᠨ ᠡᠳᠦᠷ ᠤᠳ ᠲᠤ᠂ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠠᠶᠢᠮᠠᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠡᠯ᠎ᠡ ᠬᠤᠰᠢᠭᠤ ᠤᠷᠤᠨ᠂ ᠡᠯ᠎ᠡ ᠰᠠᠯᠠᠭ᠎ᠠ ᠮᠥᠴᠢᠷ ᠢᠶᠠᠷ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠡᠳᠬᠢᠯ ᠳᠤ ᠬᠠᠳᠠᠩᠰᠢᠭᠤᠯᠤᠨ᠂ ᠪᠣᠳᠠᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠦ ᠪᠠᠶᠢᠨ᠎ᠠ᠃    ᠠᠶᠢᠮᠠᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠳᠡᠰ ᠲᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠳᠦᠷᠦ ᠶᠢᠨ ᠪᠣᠳᠣᠯᠭ᠎ᠠ ᠰᠤᠳᠤᠯᠬᠤ ᠲᠠᠰᠤᠭ ᠤᠨ ᠡᠷᠬᠢᠯᠡᠭᠴᠢ ᠬᠤ᠋ ᠡᠦ ᠳ᠋ᠧ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ᠂ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠬᠤ᠂ ᠰᠢ ᠶᠢᠨ ᠫᠢᠩ ᠶᠡᠷᠦᠩᠬᠡᠶ ᠱᠦᠵᠢ ᠶᠢᠨ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠬᠤ᠂ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠣᠨᠣᠪᠴᠢᠲᠠᠶ ᠣᠶᠢᠯᠠᠭᠠᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ  ᠳᠣᠣᠱᠯᠠᠭᠤᠯᠣᠨ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠨᠠᠮ ᠤᠨ ᠭᠡᠰᠢᠭᠦᠨ ᠺᠠᠳ᠋ᠷ ᠠᠵᠢᠯᠲᠠᠳ ᠲᠤ ᠤᠯᠤᠰ ᠲᠥᠷᠥ ᠶᠢᠨ ᠣᠨᠣᠯ ᠤᠨ ᠬᠢᠴᠢᠶᠡᠯ ᠣᠷᠣᠪᠡ᠃ ᠠᠶᠢᠮᠠᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠨᠡᠶᠢᠭᠡᠮ ᠤᠨ ᠠᠵᠢᠯ ᠤᠨ ᠨᠠᠮ ᠤᠨ ᠪᠠᠶᠢᠭᠤᠯᠤᠯᠲᠠ ᠶᠢᠨ ᠵᠢᠯᠣᠭᠤᠳᠬᠤ ᠰᠠᠯᠠᠭᠠᠨ ᠤ ᠳᠠᠷᠤᠭ᠎ᠠ ᠯᠢ ᠴᠧᠩ ᠶᠤᠸᠠᠨ᠂ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠨᠡᠶᠢᠭᠡᠮ ᠤᠨ ᠠᠵᠢᠯ ᠤᠨ ᠬᠦᠷᠢᠶᠡᠨ ᠤ ᠥᠭᠡᠷᠡᠴᠢᠯᠡᠯᠲᠡ ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ᠂  ᠪᠢᠳᠡ ᠬᠦᠴᠢᠷ ᠠᠰᠠᠭᠤᠳᠠᠯ ᠢ ᠰᠢᠢᠳᠪᠦᠷᠢᠯᠡᠬᠦ ᠪᠠ ᠲᠣᠭᠲᠠᠴᠠ ᠶᠢ ᠪᠠᠶᠢᠭᠤᠯᠬᠤ ᠳᠡᠭᠡᠷ᠎ᠡ ᠬᠦᠴᠦ ᠲᠠᠯᠪᠢᠵᠤ᠂ ᠨᠡᠶᠢᠭᠡᠮ ᠤᠨ ᠠᠵᠢᠯ ᠤᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠤᠨ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠬᠦ᠂ ᠠᠷᠠᠳ ᠤᠨ ᠬᠦᠴᠢᠷᠳᠠᠯ ᠢ ᠰᠶᠢᠳᠪᠦᠷᠢᠯᠡᠬᠦ ᠪᠠᠶᠢᠭᠤᠯᠤᠮᠵᠢ ᠲᠣᠭᠲᠠᠴᠠ ᠶᠢ ᠲᠡᠬᠦᠯᠳᠡᠷᠵᠢᠬᠦᠯᠵᠦ᠂ ᠪᠦᠬᠦ ᠠᠶᠢᠮᠠᠭ ᠤᠨ ᠨᠡᠶᠢᠭᠡᠮ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠤᠨ᠎ᠠ ᠬᠡᠪᠡ᠃    ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠸᠠᠩ ᠼᠦᠢ ᠮᠧᠶ ᠠᠮᠢᠳᠤᠯᠢᠭ ᠵᠢᠱᠢᠶ᠎ᠠ ᠪᠠᠷ ᠲᠦᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠡᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠦ ᠪᠠᠶᠢᠯ᠎ᠠ᠃ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠠᠶᠢᠮᠠᠭ ᠤᠨ ᠵᠠᠬᠢᠷᠭ᠎ᠠ ᠶᠢᠨ ᠬᠠᠷᠢᠶᠠᠲᠤ ᠨᠠᠷ ᠤᠨ ᠶᠠᠪᠤᠳᠠᠯ ᠤᠨ ᠠᠯᠪᠠᠨ ᠭᠡᠷ ᠤᠨ ᠡᠷᠬᠢᠯᠡᠭᠴᠢ ᠮᠠ ᠰᠢᠨ ᠵᠢᠶᠦ᠋ᠨ᠂ ᠪᠢᠳᠡ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠵᠢᠱᠢᠶ᠎ᠡ ᠦᠵᠡᠭᠦᠯᠬᠦ ᠠᠶᠢᠮᠠᠭ ᠢ ᠪᠠᠶᠢᠭᠤᠯᠬᠤ ᠪᠠᠷ ᠭᠠᠷᠳᠠᠴᠠ ᠪᠣᠯᠭᠠᠨ᠂ ᠥᠭᠡᠷᠡᠴᠢᠯᠡᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ᠨᠢᠭᠡᠳᠦᠮᠡᠯ ᠹᠷᠣᠨᠲ ᠤᠨ ᠬᠠᠷᠢᠭᠤᠴᠠᠯᠭ᠎ᠠ ᠶᠢ ᠢᠯᠡᠷᠡᠭᠦᠯᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠲᠠᠯ᠎ᠠ ᠪᠠᠷ ᠨᠢᠭᠡᠳᠦᠮᠡᠯ ᠹᠷᠣᠨᠲ ᠤᠨ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠠᠶᠤᠯ ᠲᠦᠭᠰᠢᠭᠦᠷᠢ ᠶᠢᠨ ᠲᠠᠯᠳᠠ ᠬᠡᠮ ᠢ ᠰᠡᠷᠭᠡᠶᠢᠯᠡᠨ ᠠᠷᠢᠯᠭᠠᠬᠤ ᠲᠠᠯ᠎ᠠ ᠪᠠᠷ ᠨᠢᠭᠡᠳᠦᠮᠡᠯ ᠹᠷᠣᠨᠲ ᠤᠨ ᠰᠠᠭᠤᠷᠢᠨ ᠭᠠᠵᠠᠷ ᠢ ᠪᠠᠲᠤ ᠰᠠᠬᠢᠵᠤ᠂ ᠣᠳᠣᠬᠢᠴᠢᠯᠠᠭᠰᠠᠨ ᠠᠯᠠᠱᠠ ᠶᠢᠨ ᠪᠦᠳᠦᠭᠡᠨ ᠪᠠᠶᠢᠭᠤᠯᠤᠯᠲᠠ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠬᠡᠵᠦ ᠪᠠᠶᠢᠯ᠎ᠠ᠃    ᠡᠵᠡᠨ᠎ᠡ ᠬᠤᠰᠢᠭᠤᠨ ᠳᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ  ᠳ᠋ᠦᠩᠹᠧᠩ ᠰᠠᠨᠰᠠᠷ ᠤᠨ ᠬᠤᠳᠠ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠳ᠋ᠢᠩ ᠨᠢᠩ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠬᠠᠭᠤᠯᠤᠨ ᠲᠠᠶᠢᠯᠪᠤᠷᠢᠯᠠᠵᠠᠢ᠃ ᠡᠵᠡᠨ᠎ᠡ ᠬᠤᠰᠢᠭᠤᠨ ᠤ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠰᠢᠶᠤᠤ ᠬᠤᠶ᠂ ᠪᠢᠳᠡ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠣᠶᠢᠯᠠᠭᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠦᠬᠦ ᠬᠦᠴᠦᠨ ᠢᠶᠠᠷ ᠨᠠᠶᠢᠳᠠᠪᠤᠷᠢᠵᠢᠭᠤᠯᠤᠨ᠂ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠵᠤ ᠪᠠᠶᠢᠭᠠᠳ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠦᠷ᠎ᠡ ᠪᠦᠲᠦᠭᠡᠯ ᠤᠯᠬᠤ ᠶᠢ ᠠᠬᠢᠭᠤᠯᠤᠨ᠎ᠠ ᠬᠡᠪᠡ᠃    ᠠᠶᠢᠮᠠᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠨᠢ ᠤᠯᠤᠰ ᠲᠥᠷᠥ ᠶᠢᠨ ᠬᠡᠪ ᠴᠢᠨᠠᠷ ᠴᠢᠩᠭ᠎ᠠ᠂ ᠣᠨᠣᠯ ᠤᠨ ᠬᠢᠷᠢ ᠬᠡᠮᠵᠢᠶ᠎ᠡ ᠥᠨᠳᠥᠷ᠂ ᠤᠬᠠᠭᠤᠯᠤᠨ ᠲᠠᠶᠢᠯᠪᠤᠷᠢᠯᠠᠬᠤ ᠴᠢᠳᠠᠪᠤᠷᠢ ᠴᠢᠩᠭ᠎ᠠ 36 ᠭᠤᠤᠯᠯᠠᠭᠴᠢ ᠬᠦᠴᠦᠨ ᠢᠶᠠᠷ ᠪᠦᠷᠢᠯᠳᠦᠵᠠᠢ᠃ 8 ᠰᠠᠷ᠎ᠠ ᠶᠢᠨ ᠳᠤᠮᠳᠠᠴᠢ ᠠᠴᠠ ᠨᠠᠭᠠᠰᠢ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠡᠯ᠎ᠡ ᠬᠤᠰᠢᠭᠤ ᠤᠷᠤᠨ᠂ ᠨᠠᠮ ᠵᠠᠰᠠᠭ ᠤᠨ ᠪᠠᠶᠢᠭᠤᠯᠭ᠎ᠠ ᠪᠣᠯᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠢᠴᠢ ᠰᠤᠷᠭᠠᠭᠤᠯᠢ ᠪᠠᠷ ᠭᠦᠨᠵᠡᠭᠡᠶᠢᠷᠡᠨ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠪᠠ᠃ ︽ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠣᠶᠠᠯᠳᠣᠭᠤᠯᠣᠨ᠂ ᠱᠠᠳᠤ ᠲᠡᠰ ᠬᠤᠪᠢᠶᠠᠨ ᠲᠤᠰᠬᠠᠢ ᠰᠡᠳᠦᠪ ᠢᠶᠠᠷ ᠤᠬᠠᠭᠤᠯᠤᠨ ᠲᠠᠶᠢᠯᠪᠤᠷᠢᠯᠠᠵᠤ᠂ ᠤᠯᠠᠨ ᠲᠦᠮᠡᠨ ᠤ ᠰᠣᠨᠣᠰᠴᠤ ᠣᠶᠢᠯᠠᠭᠠᠬᠤ ᠳᠤ ᠲᠦᠬᠦᠮ ᠪᠤᠶᠤ ᠰᠣᠨᠣᠰᠬᠤ ᠳᠤᠷᠠᠲᠠᠢ᠂ ᠣᠶᠢᠯᠠᠭᠠᠵᠤ ᠳᠡᠶᠢᠯᠬᠦ ᠦᠭᠡ ᠶᠠᠷᠢᠶ᠎ᠠ ᠪᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠷᠢᠨ ᠭᠦᠢᠴᠡᠳ ᠣᠨᠣᠪᠴᠢᠲᠠᠢ ᠶᠠᠷᠢᠵᠤ᠂ ᠪᠦᠬᠦ ᠨᠡᠶᠢᠭᠡᠮ ᠢᠶᠠᠷ ᠢᠶᠠᠨ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠳᠣᠣᠱᠯᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠪᠠ︾ ᠭᠡᠵᠦ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠳᠠᠷᠤᠭ᠎ᠠ ᠶᠤᠸᠠᠨ ᠴᠦᠨ ᠵᠢᠦᠸᠠᠨ ᠰᠤᠷᠪᠤᠯᠵᠢᠯᠠᠭᠴᠢ ᠳᠤ ᠬᠡᠯᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号