ᠠᠶᠢᠮᠠᠭ ᠬᠤᠲᠠ ᠲᠢᠩᠬᠢᠮ ᠲᠣᠪᠴᠢᠶ᠎ᠠ ᠶᠢᠨ ᠭᠤᠤᠯ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠬᠤᠭᠤᠴᠠᠭᠠᠨ ᠤ ᠳᠦᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠰᠤᠳᠤᠯᠤᠨ ᠶᠠᠷᠢᠯᠴᠠᠬᠤ ᠠᠩᠭᠢ ᠰᠤᠷᠤᠯᠭ᠎ᠠ ᠡᠬᠢᠯᠡᠵᠠᠢ
ᠨᠡᠶᠢᠲᠡᠯᠡᠭᠰᠡᠨ ᠴᠠᠭ᠄
2024/8/30
    8 ᠰᠠᠷ᠎ᠠ ᠶᠢᠨ 29 ᠤ ᠡᠳᠦᠷ᠂ ᠠᠶᠢᠮᠠᠭ ᠬᠤᠲᠠ ᠲᠢᠩᠬᠢᠮ ᠲᠣᠪᠴᠢᠶ᠎ᠠ ᠶᠢᠨ ᠭᠤᠤᠯ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠰᠤᠷᠤᠯᠭ᠎ᠠ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠣᠷᠣᠯᠴᠠᠬᠰᠠᠨ ᠪᠦᠬᠡᠳ ᠶᠠᠷᠢᠶ᠎ᠠ ᠲᠠᠯᠪᠢᠵᠠᠢ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃    ᠰᠦᠨ ᠱᠤᠤ ᠴᠧᠩ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠠᠭᠤᠯᠤᠭᠳᠠᠬᠤᠨ ᠡᠯᠪᠡᠭ ᠪᠠᠶᠠᠯᠢᠭ᠂ ᠥᠷᠭᠡᠨ ᠳᠡᠯᠭᠡᠷ ᠭᠦᠨ ᠭᠦᠨᠵᠡᠭᠡᠶ ᠪᠠᠶᠢᠵᠥ᠂ ᠪᠢᠳᠡ ᠪᠦᠷᠢᠨ ᠪᠦᠲᠦᠨ ᠵᠦᠪ ᠣᠨᠣᠪᠴᠢᠲᠠᠶ ᠪᠦᠬᠦ ᠲᠠᠯ᠎ᠠ ᠪᠠᠷ ᠰᠤᠷᠤᠯᠴᠠᠬᠤ ᠰᠠᠭᠤᠷᠢᠨ ᠳᠡᠭᠡᠷ᠎ᠡ᠂ ᠵᠠᠩᠭᠢᠯᠠᠭ᠎ᠠ ᠶᠢᠨ ᠴᠢᠨᠠᠷᠳᠠᠢ᠂ ᠵᠢᠯᠤᠭᠤᠳᠬᠤ ᠴᠢᠨᠠᠷᠲᠠᠶ ᠠᠭᠤᠯᠭ᠎ᠠ ᠶᠢ ᠭᠦᠨᠵᠡᠭᠡᠶ ᠰᠤᠷᠤᠯᠴᠠᠨ ᠨᠠᠷᠢᠨ ᠤᠶᠢᠯᠠᠭᠠᠵᠥ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠤᠯᠠᠮ ᠨᠢᠬᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢᠨ ᠳᠤᠬᠠᠢ ᠣᠶᠢᠯᠠᠭᠠᠯᠲᠠ ᠡᠵᠡᠮᠰᠢᠯ ᠢᠶᠠᠨ ᠲᠠᠰᠤᠷᠠᠯᠲᠠ ᠥᠬᠡᠶ ᠭᠦᠨᠵᠡᠭᠡᠶᠢᠷᠡᠭᠦᠯᠵᠥ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠤᠯᠠᠮ ᠨᠢᠬᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠪᠣᠳᠣᠯᠬᠢᠯᠠᠯ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠦᠢᠯᠠᠭᠠᠨ ᠡᠵᠡᠮᠰᠢᠵᠥ᠂ ᠶᠠᠭᠤ ᠬᠢᠬᠦ᠂ ᠶᠠᠭᠠᠬᠢᠵᠤ ᠬᠢᠬᠦ ᠶᠢ ᠨᠡᠪᠳᠡᠷᠡᠳᠡᠯ᠎ᠡ ᠮᠡᠳᠡᠵᠥ᠂ ᠴᠠᠭ ᠪᠢᠳᠡᠨ ᠢ ᠬᠦᠯᠢᠶᠡᠬᠦ ᠦᠬᠡᠢ᠂ ᠥᠷᠯᠥᠭᠡ ᠦᠳᠡᠰᠢ ᠶᠢ ᠲᠡᠮᠡᠴᠡᠬᠦ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠳᠡᠢ ᠬᠡᠪᠡ᠃    ᠰᠦᠨ ᠱᠤᠤ ᠴᠧᠩ᠂ ᠥᠪᠥᠷ ᠮᠣᠩᠭᠤᠯ ᠥᠭᠡᠷᠡᠴᠢᠯᠡᠯᠲᠡ ᠶᠢ ᠤᠯᠠᠮ ᠨᠢᠬᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠲᠠᠢ ᠨᠢᠭᠲᠠ ᠤᠶᠠᠯᠳᠤᠭᠤᠯᠤᠨ ᠶᠠᠪᠤᠭᠳᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠨᠡᠩ ᠰᠠᠶᠢᠳᠤᠷ ᠬᠦᠳᠡᠯᠬᠡᠬᠦ ᠬᠦᠴᠦᠨ ᠨᠡᠮᠡᠷᠢᠯᠡᠨ ᠦᠷ᠎ᠡ ᠠᠰᠢᠭ ᠢ ᠨᠡᠮᠡᠭᠳᠡᠬᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠡᠶᠢᠲᠡᠯᠡᠭᠰᠡᠨ 28 ᠵᠤᠷᠪᠤᠰ ᠪᠣᠳᠠᠲᠠᠶ ᠠᠷᠭ᠎ᠠ ᠬᠡᠮᠵᠢᠶ᠎ᠡ ᠶᠢ ᠦᠷᠭᠦᠯᠵᠢᠯᠡᠨ ᠭᠦᠨᠵᠡᠭᠡᠶ ᠨᠠᠶᠢᠳᠠᠪᠤᠷᠢᠵᠢᠭᠤᠯᠵᠤ᠂ ︽ᠤᠶᠠᠯᠳᠤᠭᠤᠯᠬᠤ︾ ᠪᠠ ︽ᠠᠭᠤᠰᠤᠯᠴᠠᠭᠤᠯᠬᠤ︾ ᠲᠦᠷᠢᠮ ᠠᠷᠭ᠎ᠠ ᠬᠡᠮᠵᠢᠶ᠎ᠡ ᠶᠢ ᠤᠯᠠᠮ ᠨᠢᠬᠡ ᠠᠯᠬᠤᠮ ᠲᠡᠭᠦᠯᠳᠡᠷᠵᠢᠭᠦᠯᠵᠦ᠂ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠬᠠᠮᠲᠤ ᠶᠢᠨ ᠤᠬᠠᠮᠰᠠᠷ᠂ ᠡᠵᠡᠨ ᠬᠥᠮᠦᠨ ᠤ ᠤᠬᠠᠮᠰᠠᠷ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠤᠬᠠᠮᠰᠠᠷ ᠪᠣᠯᠤᠨ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠤᠬᠠᠮᠰᠠᠷ ᠢ ᠦᠨᠡᠨ ᠬᠦ ᠪᠠᠲᠤ ᠪᠣᠶ ᠪᠣᠯᠭᠠᠵᠤ᠂ ᠠᠵᠢᠯ ᠤᠨ ᠭᠤᠤᠯ ᠰᠢᠵᠢᠮ ᠢ ᠲᠤᠭᠤᠰᠢᠯᠠᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ ᠠᠴᠠ ᠲᠣᠭᠲᠠᠭᠠᠭᠰᠠᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠲᠠᠢ ᠬᠠᠷᠭᠤᠭᠤᠯᠵᠤ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠲᠠᠯ᠎ᠠ ᠪᠠᠷ ᠴᠢᠷᠮᠠᠶᠢᠨ ᠤᠷᠤᠭᠰᠢᠯᠠᠵᠤ᠂ ᠢᠳᠡᠪᠬᠢᠲᠡᠢ ᠪᠠᠷ ᠵᠠᠮ ᠰᠦᠪᠡᠭᠴᠢᠯᠡᠨ ᠵᠠᠮ ᠨᠡᠭᠡᠭᠡᠵᠦ᠂ ︽ᠮᠤᠬᠤᠷ ᠵᠠᠮ︾ ᠢ ᠪᠦᠬᠦ ᠬᠦᠴᠦᠨ ᠢᠶᠠᠷ ᠢᠶᠠᠨ ᠨᠡᠪᠲᠡᠷᠡᠭᠦᠯᠵᠦ᠂ ︽ᠰᠢᠨ᠎ᠡ ᠵᠠᠮ ᠨᠡᠬᠡᠬᠡᠬᠦ︾ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠲᠣᠭᠲᠠᠴᠠ ᠪᠠᠨ ᠥᠭᠡᠷᠡᠴᠢᠯᠡᠬᠦ᠂ ᠪᠠᠶᠢᠷᠢᠰᠢᠭᠤᠯᠤᠯᠲᠠ ᠪᠠᠨ ᠥᠭᠡᠷᠡᠴᠢᠯᠡᠬᠦ᠂ ᠰᠤᠷᠲᠠᠯ ᠢᠶᠠᠨ ᠰᠠᠶᠢᠵᠢᠷᠠᠭᠤᠯᠬᠤ ᠶᠢ ᠨᠢᠭᠡ ᠴᠤᠬᠴᠠᠵᠢᠭᠤᠯᠤᠨ ᠠᠬᠢᠭᠤᠯᠵᠤ ᠂ ᠵᠣᠷᠢᠭ ᠰᠢᠭᠤᠳᠤᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠪᠠᠶᠢᠭᠤᠯᠤᠯ ᠲᠣᠭᠲᠠᠴᠠ ᠶᠢ ᠰᠢᠯᠤᠭᠤᠳᠬᠠᠵᠤ᠂ ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠰᠤᠷᠲᠠᠯ ᠤᠨ ᠠᠷᠬᠠᠭ ᠭᠡᠮ ᠢ ᠦᠨᠳᠦᠰᠦᠨ ᠠᠴᠠ ᠨᠢ ᠠᠷᠢᠯᠭᠠᠵᠤ᠂ ᠬᠥᠭᠵᠢᠯᠲᠡ ᠶᠢᠨ ᠳᠤᠮᠳᠠᠬᠢ ᠬᠤᠷᠢᠭ᠎ᠠ ᠴᠡᠭ ᠳᠦᠭᠵᠢᠷᠡᠯ ᠴᠡᠭ ᠢ ᠦᠨᠳᠦᠰᠦᠨ ᠠᠴᠠ ᠨᠢ ᠠᠷᠢᠯᠭᠠᠬᠤ ᠬᠡᠷᠡᠭᠲᠡᠢ ᠬᠡᠪᠡ᠃    ᠰᠦᠨ ᠱᠤᠤ ᠴᠧᠩ᠂ ᠥᠭᠡᠷᠡᠴᠢᠯᠡᠯᠲᠡ ᠶᠢ ᠰᠦᠪᠡᠭᠴᠢᠯᠡᠵᠦ ᠥᠭᠡᠷᠡᠴᠢᠯᠡᠯᠲᠡ ᠶᠢ ᠠᠳᠬᠤᠬᠤ ᠳᠤ ᠡᠷᠬᠡᠪᠰᠢ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠵᠤ᠂ ᠵᠣᠷᠢᠭᠲᠠᠢ ᠪᠠᠷ ᠰᠢᠨ᠎ᠡ ᠶᠢ ᠡᠭᠦᠳᠬᠦ ᠬᠡᠷᠡᠭᠲᠡᠢ᠃ ᠪᠤᠰᠤᠳ ᠤᠨ ᠪᠤᠳᠤᠵᠤ ᠦᠵᠡᠭᠡ ᠦᠭᠡᠢ ᠵᠦᠢᠯ ᠢ ᠵᠣᠷᠢᠭᠲᠠᠢ ᠪᠤᠳᠤᠵᠤ᠂ ᠪᠤᠰᠤᠳ ᠤᠨ ᠬᠢᠵᠦ ᠦᠵᠡᠭᠡ ᠦᠭᠡᠢ ᠵᠦᠢᠯ ᠢ ᠵᠣᠷᠢᠭᠲᠠᠢ ᠬᠢᠵᠦ᠂ ᠰᠢᠨ᠎ᠡ ᠶᠢ ᠡᠬᠦᠳᠬᠦ ᠰᠣᠶᠣᠯ ᠢ ᠶᠡᠭᠡ ᠪᠠᠷ ᠪᠤᠶᠢᠵᠢᠭᠤᠯᠤᠨ ᠪᠠᠳᠠᠷᠠᠭᠤᠯᠵᠤ᠂ ᠨᠡᠩ ᠠᠭᠤᠵᠢᠭᠤ ᠴᠢᠯᠦᠬᠡᠳᠡᠢ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ᠃ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠵᠤ᠂ ᠰᠢᠰᠲ᠋ᠧᠮ ᠲᠠᠢ ᠰᠤᠳᠤᠯᠤᠨ ᠠᠵᠢᠯ ᠢᠶᠠᠨ ᠠᠬᠢᠭᠤᠯᠵᠤ᠂ ᠡᠭᠦᠷᠭᠡ ᠶᠢ ᠬᠤᠷᠠᠭᠤᠯᠬᠤ᠂ ᠬᠠᠷᠢᠭᠤᠴᠠᠯᠭ᠎ᠠ ᠶᠢ ᠬᠤᠯᠪᠣᠯᠳᠤᠭᠤᠯᠬᠤ᠂ ᠬᠠᠨᠳᠤᠰᠢ ᠶᠢ ᠨᠢᠭᠡᠳᠭᠡᠬᠦ᠂ ᠠᠶᠤᠯ ᠲᠦᠭᠰᠢᠭᠦᠷᠢ ᠶᠢ ᠬᠠᠮᠲᠤ ᠪᠠᠷ ᠰᠡᠷᠭᠡᠶᠢᠯᠡᠬᠦ ᠶᠢ ᠪᠡᠶᠡᠯᠡᠭᠦᠯᠬᠦ ᠬᠡᠷᠡᠭᠲᠡᠢ ᠬᠡᠪᠡ᠃    ᠰᠦᠨ ᠱᠤᠤ ᠴᠧᠩ ᠪᠠᠰᠠ ᠺᠠᠳ᠋ᠷ ᠢ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠬᠤ ᠠᠵᠢᠯ ᠢ ᠰᠠᠶᠢᠲᠤᠷ ᠠᠳᠬᠤᠬᠤ ᠲᠤᠬᠠᠢ ᠱᠠᠭᠠᠷᠳᠠᠯᠭ᠎ᠠ ᠳᠤᠷᠠᠳᠴᠠᠢ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠢ ᠭᠠᠩ ᠬᠤᠷᠠᠯ ᠳᠤ ᠣᠷᠣᠯᠴᠠᠵᠠᠢ᠃ ᠡᠯ᠎ᠡ ᠠᠶᠢᠮᠠᠭ ᠬᠤᠲᠠ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠨᠢᠭᠡᠴᠡ᠂ ᠠᠷᠠᠳ ᠤᠨ ᠪᠦᠯᠬᠦᠮ᠂ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ᠂ ᠰᠢᠭᠤᠳ ᠬᠠᠷᠢᠶ᠎ᠠ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠨᠥᠬᠦᠳ ᠣᠷᠣᠯᠴᠠᠵᠠᠶ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号