ᠡᠯᠡᠰᠦ ᠨᠠᠭᠤᠷ ᠤᠨ ᠭᠠᠶᠢᠬᠠᠮᠰᠢᠭ ᠢ ᠪᠦᠳᠦᠭᠡᠭᠰᠡᠨ ᠦᠵᠡᠮᠵᠢᠳᠦ ᠤᠷᠤᠨ
ᠨᠡᠶᠢᠲᠡᠯᠡᠭᠰᠡᠨ ᠴᠠᠭ᠄
2024/8/5
    ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 26 ᠤ ᠡᠳᠦᠷ ᠡᠨᠡᠳᠭᠡᠭ ᠤᠨ ᠨᠡᠶᠢᠰᠯᠡᠯ ᠰᠢᠨ᠎ᠡ ᠳ᠋ᠧᠯᠢ ᠳᠤ ᠶᠠᠪᠤᠭᠳᠠᠭᠰᠠᠨ 46 ᠳ᠋ᠤᠭᠠᠷ ᠬᠤᠭᠤᠴᠠᠭᠠᠨ ᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠳᠡᠯᠡᠬᠡᠢ ᠶᠢᠨ ᠥᠪ ᠤᠨ ᠵᠦᠪᠯᠡᠯ ᠤᠨ ᠬᠤᠷᠠᠯ ᠳᠡᠭᠡᠷ᠎ᠡ ᠠᠯᠠᠱᠠ ᠶᠢᠨ ᠪᠠᠳᠠᠢ ᠶᠢᠨ ᠵᠢᠷᠠᠨ ᠡᠯᠡᠰᠦ — ᠡᠯᠡᠰᠦᠨ ᠴᠤᠬᠢᠶ᠎ᠠ ᠨᠠᠭᠤᠷ ᠪᠦᠷᠢᠳᠦ ᠨᠦᠭᠦᠳ ᠢ ︽ᠳᠡᠯᠡᠬᠡᠢ ᠶᠢᠨ ᠥᠪ ᠤᠨ ᠨᠡᠷᠡᠰ ᠤᠨ ᠲᠡᠮᠳᠡᠭᠯᠡᠯ︾ ᠳᠤ ᠠᠮᠵᠢᠯᠲᠠ ᠲᠠᠢ ᠪᠦᠷᠢᠳᠭᠡᠬᠦᠯᠪᠡ᠃    ᠪᠠᠳᠠᠢ ᠶᠢᠨ ᠵᠢᠷᠠᠨ ᠡᠯᠡᠰᠦ ᠳᠤᠮᠳᠠᠳᠤ ᠤᠯᠤᠰ ᠤᠨ ᠪᠠᠷᠠᠭᠤᠨ ᠬᠤᠶᠢᠲᠤ ᠶᠢᠨ ᠭᠠᠩ ᠬᠠᠭᠤᠷᠠᠢ ᠰᠡᠷᠢᠭᠦᠨ ᠪᠦᠰᠡ ᠶᠢᠨ ᠴᠦᠯᠯᠡᠷᠬᠡᠭ ᠣᠷᠣᠨ ᠤ ᠠᠯᠠᠱᠠ ᠶᠢᠨ ᠥᠨᠳᠦᠷᠯᠢᠭ ᠲᠤ ᠪᠠᠶᠢᠷᠢᠯᠠᠵᠤ᠂ ᠳᠤᠮᠳᠠᠳᠤ ᠤᠯᠤᠰ ᠤᠨ ᠭᠤᠷᠪᠠᠳᠤᠭᠠᠷ ᠶᠡᠭᠡ ᠡᠯᠡᠰᠦ ᠪᠠ ᠬᠤᠶᠠᠳᠤᠭᠠᠷ ᠶᠡᠭᠡ ᠨᠡᠭᠦᠳᠡᠯ ᠡᠯᠡᠰᠦ ᠪᠤᠯᠤᠨ᠎ᠠ᠃ ᠦᠷᠭᠦᠯᠵᠢᠯᠡᠭᠰᠡᠨ ᠥᠨᠳᠥᠷ ᠶᠡᠭᠡ ᠡᠯᠡᠰᠦᠨ ᠴᠤᠬᠢᠶ᠎ᠠ ᠪᠠ ᠡᠯᠡᠰᠦᠨ ᠳᠣᠪᠣᠴᠠᠭ ᠤᠨ ᠬᠤᠭᠤᠷᠣᠨᠳᠣᠬᠢ ᠮᠠᠰᠢ ᠣᠯᠠᠨ ᠨᠠᠭᠤᠷ ᠪᠦᠷᠢᠳᠦ ᠪᠠᠷ ᠢᠶᠠᠨ ᠠᠯᠳᠠᠷᠰᠢᠨ᠂ ᠡᠯᠡᠰᠦᠨ ᠦᠵᠡᠮᠵᠢ ᠨᠢ ᠲᠠᠰᠤᠷᠠᠯᠲᠠ ᠦᠭᠡᠢ ᠬᠤᠪᠢᠰᠴᠦ ᠪᠠᠶᠢᠭ᠎ᠠ ᠭᠠᠵᠠᠷ ᠰᠢᠨᠵᠢᠯᠡᠭᠡ ᠪᠠ ᠭᠠᠵᠠᠷ ᠤᠨ ᠲᠥᠷᠬᠦ ᠶᠢᠨ ᠣᠨᠴᠠᠯᠢᠭ ᠢ ᠬᠠᠷᠠᠭᠤᠯᠵᠤ᠂ ᠬᠥᠮᠥᠰ ᠢ ᠭᠠᠶᠢᠬᠠᠰᠢ ᠠᠯᠳᠠᠭᠤᠯᠤᠮ᠎ᠠ ᠪᠠᠶᠢᠳᠠᠭ ᠢᠶᠠᠷ ᠪᠥᠬᠦ ᠳᠡᠯᠡᠬᠡᠢ ᠳᠤ ᠠᠳᠠᠯᠢᠳᠬᠠᠵᠦ ᠪᠣᠯᠤᠮᠠᠷ ᠡᠯᠡᠰᠦᠨ ᠴᠥᠯ ᠴᠥᠭᠡᠨ ᠪᠠᠶᠢᠳᠠᠭ᠃    ᠪᠠᠳᠠᠢ ᠶᠢᠨ ᠵᠢᠷᠠᠨ ᠡᠯᠡᠰᠦ ᠶᠢᠨ ᠴᠢᠬᠤᠯᠠ ᠪᠡᠯᠭᠡ ᠲᠡᠮᠳᠡᠭ ᠨᠢ ᠳᠡᠯᠡᠬᠡᠢ ᠶᠢᠨ ᠬᠠᠮᠤᠭ ᠤᠨ ᠥᠨᠳᠥᠷ ᠲᠣᠭᠲᠠᠮᠠᠯ ᠡᠯᠡᠰᠦᠨ ᠴᠤᠬᠢᠶ᠎ᠠ ᠶᠢᠨ ᠬᠠᠷᠢᠴᠠᠩᠭᠤᠢ ᠥᠨᠳᠥᠷ ᠤᠨ ᠬᠡᠮᠵᠢᠶ᠎ᠡ ᠨᠢ 460 ᠮᠧᠲᠷ ᠲᠤ ᠬᠦᠷᠴᠦ ᠪᠠᠶᠢᠬᠤ ᠪᠦᠬᠡᠳ ᠪᠠᠰᠠ ᠬᠠᠮᠤᠭ ᠤᠨ ᠨᠢᠭᠲᠠ ᠳᠦᠪᠯᠡᠷᠡᠭᠰᠡᠨ ᠨᠠᠭᠤᠷ ᠴᠥᠭᠦᠷᠥᠮ᠂ ᠬᠠᠮᠤᠭ ᠤᠨ ᠶᠡᠭᠡ ᠳᠠᠭᠤᠲᠤ ᠡᠯᠡᠰᠦᠨ ᠣᠷᠣᠨ ᠵᠢᠴᠢ ᠰᠠᠯᠬᠢᠨ ᠳᠤ ᠡᠯᠡᠭᠳᠡᠭᠰᠡᠨ ᠣᠯᠠᠨ ᠶᠠᠩᠵᠤ ᠶᠢᠨ ᠭᠠᠵᠠᠷ ᠤᠨ ᠲᠥᠷᠬᠦ ᠶᠢ ᠪᠠᠭᠲᠠᠭᠠᠵᠤ ᠪᠠᠶᠢᠳᠠᠭ᠃ ᠡᠶᠢᠮᠦᠷᠬᠦᠦ ᠥᠪᠡᠷᠮᠢᠴᠡ ᠣᠨᠴᠠᠯᠢᠭ ᠲᠠᠢ ᠦᠵᠡᠮᠵᠢ ᠨᠢ ᠪᠠᠳᠠᠢ ᠶᠢᠨ ᠵᠢᠷᠠᠨ ᠡᠯᠡᠰᠦᠨ ᠤ ᠶᠡᠷᠦ ᠪᠤᠰᠤ ᠶᠢᠨ ᠪᠠᠶᠢᠭᠠᠯᠢ ᠶᠢᠨ ᠭᠤᠸ᠎ᠠ ᠵᠦᠢ ᠶᠢᠨ ᠦᠨ᠎ᠡ ᠥᠷᠲᠡᠭ ᠢ ᠳᠡᠯᠭᠡᠨ ᠦᠵᠡᠬᠦᠯᠵᠦ᠂ ᠳᠡᠯᠡᠬᠡᠢ ᠶᠢᠨ ᠪᠥᠮᠪᠥᠷᠴᠡᠭ ᠳᠡᠭᠡᠷᠡᠬᠢ ᠴᠢᠬᠤᠯᠠ ᠪᠦᠬᠡᠳ ᠨᠡᠶᠢᠲᠡᠯᠢᠭ ᠪᠤᠯᠬᠤ ᠦᠷᠭᠦᠯᠵᠢᠯᠡᠭᠰᠡᠨ ᠰᠠᠯᠬᠢ ᠡᠯᠡᠰᠦᠨ ᠤ ᠭᠠᠵᠠᠷ ᠤᠨ ᠲᠥᠷᠬᠦ ᠶᠢᠨ ᠬᠤᠪᠢᠰᠤᠯᠳᠠ ᠶᠢᠨ ᠶᠠᠪᠤᠴᠠ ᠶᠢ ᠬᠠᠷᠠᠭᠤᠯᠬᠤ ᠶᠢᠨ ᠬᠠᠮᠲᠤ ᠪᠠᠰᠠ ᠡᠯᠪᠡᠭ ᠪᠠᠶᠠᠯᠢᠭ ᠠᠮᠢᠳᠤ ᠪᠣᠳᠠᠰ ᠤᠨ ᠣᠷᠣᠰᠢᠨ ᠠᠮᠢᠳᠤᠷᠠᠬᠤ ᠭᠠᠵᠠᠷ ᠪᠠᠶᠢᠭ᠎ᠠ ᠶᠤᠮ᠃    46 ᠳ᠋ᠤᠭᠠᠷ ᠬᠤᠭᠤᠴᠠᠭᠠᠨ ᠤ ᠳᠡᠯᠡᠬᠡᠢ ᠶᠢᠨ ᠥᠪ ᠤᠨ ᠶᠡᠭᠡ ᠬᠤᠷᠠᠯ ᠤᠨ ᠳᠤᠮᠳᠠᠳᠤ ᠤᠯᠤᠰ ᠤᠨ ᠲᠥᠯᠥᠭᠡᠯᠡᠭᠴᠢᠳ ᠤᠨ ᠪᠦᠯᠬᠦᠮ ᠤᠨ ᠪᠦᠷᠢᠯᠳᠦᠭᠦᠨ᠂ ᠳᠤᠮᠳᠠᠳᠤ ᠤᠯᠤᠰ ᠤᠨ ᠠᠯᠳᠠᠷᠲᠤ ᠦᠵᠡᠮᠵᠢ ᠶᠢᠨ ᠣᠷᠣᠨ ᠤ ᠨᠡᠶᠢᠭᠡᠮᠯᠢᠭ ᠤᠨ ᠥᠪ ᠬᠥᠷᠥᠩᠭᠡ ᠶᠢᠨ ᠭᠠᠳᠠᠭᠠᠳᠤ ᠬᠠᠷᠢᠯᠴᠠᠭ᠎ᠠ ᠶᠢᠨ ᠬᠡᠯᠲᠡᠰ ᠤᠨ ᠡᠷᠬᠢᠯᠡᠭᠴᠢ ᠶᠠᠩ ᠽᠢ ᠶᠠᠨ᠂ ︽ᠪᠠᠳᠠᠢ ᠶᠢᠨ ᠵᠢᠷᠠᠨ ᠡᠯᠡᠰᠦ — ᠡᠯᠡᠰᠦᠨ ᠴᠤᠬᠢᠶ᠎ᠠ ᠨᠠᠭᠤᠷ ᠪᠦᠷᠢᠳᠦ ᠨᠦᠭᠦᠳ︾ ᠥᠪᠡᠷᠮᠢᠴᠡ᠂ ᠬᠤᠪᠣᠷ᠂ ᠭᠠᠶᠢᠬᠠᠮᠰᠢᠭ ᠲᠠᠢ ᠥᠨᠳᠥᠷ ᠶᠡᠭᠡ ᠡᠯᠡᠰᠦᠨ ᠴᠤᠬᠢᠶ᠎ᠠ ᠵᠢᠴᠢ ᠲᠤᠭ᠎ᠠ ᠲᠣᠮᠰᠢ ᠦᠭᠡᠢ ᠣᠯᠠᠨ ᠥᠩᠭᠡ ᠢᠯᠭᠠᠷᠠᠭᠰᠠᠨ ᠨᠠᠭᠤᠷ ᠪᠦᠷᠢᠳᠦ ᠪᠣᠯ ᠰᠡᠷᠢᠭᠦᠨ ᠪᠦᠰᠡ ᠪᠠ ᠬᠡᠲᠦ ᠭᠠᠩ ᠬᠠᠭᠤᠷᠠᠢ ᠠᠭᠤᠷ ᠠᠮᠢᠰᠬᠤᠯ ᠤᠨ ᠳᠣᠣᠷ᠎ᠠ ᠡᠯᠡᠰᠦ ᠮᠠᠩᠬᠠᠨ ᠤ ᠦᠵᠡᠮᠵᠢ ᠪᠠ ᠭᠠᠵᠠᠷ ᠤᠨ ᠲᠥᠷᠬᠦ ᠦᠷᠭᠦᠯᠵᠢᠯᠡᠨ ᠤᠯᠠᠷᠢᠨ ᠬᠤᠪᠢᠰᠤᠭᠰᠠᠨ ᠤ ᠥᠯᠢᠭᠡᠷ ᠵᠢᠱᠢᠶ᠎ᠡ ᠮᠥᠨ ᠂ ᠪᠥᠬᠦ ᠳᠡᠯᠡᠬᠡᠢ ᠶᠢᠨ ᠬᠡᠪᠴᠢᠶᠡᠨ ᠳᠤ ᠬᠤᠪᠣᠷ ᠲᠣᠬᠢᠶᠠᠯᠳᠤᠬᠤ ᠪᠠᠶᠢᠭᠠᠯᠢ ᠶᠢᠨ ᠭᠤᠶᠣ ᠰᠠᠶᠢᠬᠠᠨ ᠡᠯᠡᠰᠦᠨ ᠤ ᠦᠵᠡᠮᠵᠢ ᠶᠢᠨ ᠨᠢᠭᠡ ᠪᠣᠯᠣᠨ᠎ᠠ᠃ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠦᠵᠡᠬᠦ ᠪᠠᠷ᠂ ︽ᠪᠠᠳᠠᠢ ᠶᠢᠨ ᠵᠢᠷᠠᠨ ᠡᠯᠡᠰᠦ — ᠡᠯᠡᠰᠦᠨ ᠴᠤᠬᠢᠶ᠎ᠠ ᠨᠠᠭᠤᠷ ᠪᠦᠷᠢᠳᠦ ᠨᠦᠭᠦᠳ︾ ᠨᠢ ᠳᠡᠯᠡᠬᠡᠢ ᠶᠢᠨ ᠪᠠᠶᠢᠭᠠᠯᠢ ᠶᠢᠨ ᠥᠪ ᠤᠨ ᠥᠷᠲᠡᠭ ᠤᠨ ᠪᠠᠷᠢᠮᠵᠢᠶ᠎ᠠ ︵vii︶ ᠶᠢ ᠬᠠᠩᠭᠠᠵᠤ ᠪᠠᠶᠢᠨ᠎ᠠ᠄ ᠳᠠᠷᠤᠢ ᠭᠠᠶᠢᠬᠠᠮᠰᠢᠭᠲᠤ ᠰᠠᠶᠢᠬᠠᠨ ᠪᠠᠶᠢᠭᠠᠯᠢ ᠶᠢᠨ ᠦᠵᠡᠭᠳᠡᠯ ᠪᠤᠶᠤ ᠬᠤᠪᠣᠷ ᠲᠣᠬᠢᠶᠠᠯᠳᠤᠬᠤ ᠪᠠᠶᠢᠭᠠᠯᠢ ᠶᠢᠨ ᠭᠤᠶᠤᠮᠰᠤᠭ ᠪᠠ ᠭᠤᠸ᠎ᠠ ᠵᠦᠢ ᠶᠢᠨ ᠦᠨ᠎ᠡ ᠥᠷᠲᠡᠭ ᠲᠠᠢ ᠭᠠᠵᠠᠷ ᠣᠷᠣᠨ ᠪᠤᠯᠤᠨ᠎ᠠ︔ ᠪᠠᠶᠢᠭᠠᠯᠢ ᠶᠢᠨ ᠥᠪ ᠤᠨ ᠪᠠᠷᠢᠮᠵᠢᠶ᠎ᠠ ︵viii︶᠄ ᠡᠨᠡ ᠪᠣᠯ ᠳᠡᠯᠡᠬᠡᠢ ᠶᠢᠨ ᠪᠥᠮᠪᠥᠷᠴᠡᠭ ᠤᠨ ᠬᠤᠪᠢᠰᠤᠯᠲᠠ ᠶᠢᠨ ᠲᠡᠦᠬᠡᠨ ᠳᠠᠬᠢ ᠴᠢᠬᠤᠯᠠ ᠱᠠᠲᠤ ᠦᠶ᠎ᠡ ᠶᠢᠨ ᠲᠣᠪᠤᠶᠢᠮ᠎ᠠ ᠵᠢᠱᠢᠶ᠎ᠡ ᠪᠣᠯᠣᠨ᠎ᠠ᠂ ᠡᠭᠦᠨ ᠳᠤ ᠠᠮᠢ ᠨᠠᠰᠤᠨ ᠤ ᠲᠡᠮᠳᠡᠭᠯᠡᠯ ᠪᠠ ᠭᠠᠵᠠᠷ ᠤᠨ ᠲᠥᠷᠬᠦ ᠶᠢᠨ ᠬᠤᠪᠢᠰᠤᠯᠲᠠ ᠶᠢᠨ ᠳᠤᠮᠳᠠᠬᠢ ᠴᠢᠬᠤᠯᠠ ᠭᠠᠵᠠᠷ ᠰᠢᠨᠵᠢᠯᠡᠭᠡᠨ ᠤ ᠶᠠᠪᠤᠴᠠ ᠪᠤᠶᠤ ᠢᠯᠡᠷᠬᠡᠢ ᠭᠠᠵᠠᠷ ᠰᠢᠨᠵᠢᠯᠡᠭᠡ ᠵᠢᠴᠢ ᠭᠠᠵᠠᠷ ᠤᠨ ᠲᠥᠷᠬᠦ ᠶᠢᠨ ᠣᠨᠴᠠᠯᠢᠭ ᠪᠠᠭᠲᠠᠨ᠎ᠠ ᠬᠡᠪᠡ᠃    ︽ᠪᠠᠳᠠᠢ ᠶᠢᠨ ᠵᠢᠷᠠᠨ ᠡᠯᠡᠰᠦ — ᠡᠯᠡᠰᠦᠨ ᠴᠤᠬᠢᠶ᠎ᠠ ᠨᠠᠭᠤᠷ ᠪᠦᠷᠢᠳᠦ ᠨᠦᠭᠦᠳ︾ ᠢ 2020 ᠣᠨ ᠳᠤ ᠳᠡᠯᠡᠬᠡᠢ ᠶᠢᠨ ᠥᠪ ᠢᠶᠠᠷ ᠵᠢᠩᠬᠢᠨᠢ ᠪᠠᠷ ᠭᠤᠶᠤᠴᠢᠯᠠᠨ ᠮᠡᠳᠡᠬᠦᠯᠵᠡᠢ᠃ ᠶᠠᠩ ᠽᠢ ᠶᠠᠨ ᠢᠯᠡᠷᠬᠡᠶᠢᠯᠡᠬᠦ ᠳᠡᠭᠡᠨ᠂ ︽ᠪᠠᠳᠠᠢ ᠶᠢᠨ ᠵᠢᠷᠠᠨ ᠡᠯᠡᠰᠦ — ᠡᠯᠡᠰᠦᠨ ᠴᠤᠬᠢᠶ᠎ᠠ ᠨᠠᠭᠤᠷ ᠪᠦᠷᠢᠳᠦ ᠨᠦᠭᠦᠳ︾ ᠢ ᠳᠡᠯᠡᠬᠡᠢ ᠶᠢᠨ ᠥᠪ ᠢᠶᠠᠷ ᠮᠡᠳᠡᠭᠦᠯᠦᠭᠡᠳ ᠠᠮᠵᠢᠯᠲᠠ ᠣᠯᠣᠭᠰᠠᠨ ᠶᠠᠪᠤᠳᠠᠯ ᠨᠢ ᠡᠯᠡᠰᠦ ᠮᠠᠩᠬ᠎ᠠ ᠡᠯᠡᠰᠦᠨ ᠴᠤᠬᠢᠶ᠎ᠠ ᠶᠢᠨ ᠪᠣᠶ ᠪᠤᠯᠤᠭᠰᠠᠨ ᠢ ᠤᠯᠠᠮ ᠨᠢᠭᠡ ᠠᠯᠬᠤᠮ ᠰᠤᠳᠤᠯᠬᠤ᠂ ᠡᠯᠡᠰᠦᠨ ᠤ ᠳᠤᠮᠳᠠᠬᠢ ᠨᠠᠭᠤᠷ ᠪᠦᠷᠢᠳᠦ ᠶᠢ ᠬᠠᠮᠠᠭᠠᠯᠠᠬᠤ ᠳᠤ ᠰᠠᠭᠤᠷᠢ ᠲᠠᠯᠪᠢᠵᠤ ᠥᠭᠭᠦᠭᠰᠡᠨ ᠪᠥᠭᠡᠳ ᠮᠠᠨ ᠤ ᠤᠯᠤᠰ ᠤᠨ ᠳᠡᠯᠡᠬᠡᠢ ᠶᠢᠨ ᠪᠠᠶᠢᠭᠠᠯᠢ ᠶᠢᠨ ᠥᠪ ᠲᠤ ᠡᠯᠡᠰᠦ ᠮᠠᠩᠬᠠᠨ ᠤ ᠲᠥᠷᠥᠯ ᠬᠡᠯᠪᠡᠷᠢ ᠪᠠᠶᠢᠬᠤ ᠦᠭᠡᠢ ᠬᠤᠭᠤᠰᠤᠨ ᠢ ᠨᠥᠬᠦᠪᠦᠷᠢᠯᠡᠭᠰᠡᠨ ᠪᠣᠯᠬᠤᠷ ᠮᠠᠰᠢ ᠶᠡᠭᠡ ᠠᠴᠢ ᠬᠤᠯᠪᠣᠭᠳᠠᠯ ᠲᠠᠢ ᠶᠤᠮ᠃ ᠡᠭᠦᠨ ᠤ ᠬᠠᠮᠲᠤ᠂ ᠪᠥᠬᠦ ᠳᠡᠯᠡᠬᠡᠢ ᠶᠢᠨ ᠬᠡᠪᠴᠢᠶᠡᠨ ᠳᠤ ᠮᠠᠨ ᠤ ᠤᠯᠤᠰ ᠤᠨ ᠨᠠᠭᠤᠷ ᠪᠦᠷᠢᠳᠦ ᠪᠠ ᠡᠯᠡᠰᠦ ᠮᠠᠩᠬᠠᠨ ᠤ ᠣᠨᠴᠠᠯᠢᠭ ᠪᠦᠬᠦᠢ ᠪᠠᠶᠢᠭᠠᠯᠢ ᠶᠢᠨ ᠥᠪ ᠤᠨ ᠲᠠᠯ᠎ᠠ ᠪᠠᠷ ᠬᠢ ᠴᠣᠷᠢ ᠶᠢᠨ ᠭᠠᠭᠴᠠ ᠦᠨ᠎ᠡ ᠥᠷᠲᠡᠭ ᠢ ᠳᠡᠯᠭᠡᠨ ᠦᠵᠡᠭᠦᠯᠵᠦ᠂ ᠲᠡᠭᠦᠨ ᠤ ᠲᠣᠪᠤᠶᠢᠮ᠎ᠠ ᠲᠦᠭᠡᠮᠡᠯ ᠦᠨ᠎ᠡ ᠥᠷᠲᠡᠭ ᠪᠣᠯ ᠪᠥᠬᠦ ᠬᠥᠮᠥᠨ ᠲᠥᠷᠥᠯᠬᠢᠲᠡᠨ ᠤ ᠬᠠᠮᠲᠤ ᠶᠢᠨ ᠬᠠᠶᠢᠷᠠᠯᠠᠨ ᠬᠠᠮᠠᠭᠠᠯᠠᠬᠤ ᠦᠨᠡᠲᠦ ᠡᠷᠳᠡᠨᠢ ᠮᠥᠨ ᠬᠡᠵᠡᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号