ᠥᠪᠡᠷᠲᠡᠭᠡᠨ ᠵᠠᠰᠠᠬᠤ ᠣᠷᠣᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠤᠳᠤᠯᠭᠠᠨ ᠤ ᠰᠠᠭᠤᠷᠢᠨ ᠢ ᠪᠠᠶᠢᠭᠤᠯᠬᠤ ᠬᠡᠯᠡᠯᠴᠡᠭᠡᠷ ᠲᠤᠬᠲᠠᠪᠠ
ᠨᠡᠶᠢᠲᠡᠯᠡᠭᠰᠡᠨ ᠴᠠᠭ᠄
2024/8/5
    ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠬᠤᠷᠢᠶᠠᠨ ᠤ ᠠᠯᠪᠠᠨ ᠭᠡᠷ ᠬᠢᠭᠡᠳ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠣᠶᠢᠷ᠎ᠠ ᠳᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠤᠳᠤᠯᠭᠠᠨ ᠤ ᠰᠠᠭᠤᠷᠢᠨ ᠢ ᠬᠠᠮᠲᠤ ᠪᠠᠷ ᠪᠠᠶᠢᠭᠤᠯᠬᠤ ᠬᠡᠯᠡᠯᠴᠡᠭᠡᠷ ᠲᠣᠭᠲᠠᠵᠤ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠤᠳᠤᠯᠭᠠᠨ ᠤ ᠰᠡᠳᠦᠪ ᠢ ᠨᠡᠶᠢᠲᠡᠯᠡᠭᠰᠡᠨ ᠨᠢ ᠪᠥᠬᠦ ᠣᠷᠣᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠤᠳᠤᠯᠭᠠᠨ ᠤ ᠠᠵᠢᠯ ᠰᠢᠨ᠎ᠡ ᠰᠢᠪᠲᠤᠯᠤᠯᠲᠠ ᠲᠠᠢ ᠪᠤᠯᠤᠬᠰᠠᠨ ᠢ ᠬᠠᠷᠠᠭᠤᠯᠵᠦ ᠪᠤᠢ᠃    ᠬᠤᠶᠠᠷ ᠲᠠᠯ᠎ᠠ ᠶᠢᠨ ᠬᠡᠯᠡᠯᠴᠡᠭᠡᠷ ᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠤᠳᠤᠯᠭᠠᠨ ᠤ ᠰᠠᠭᠤᠷᠢᠨ ᠨᠢ ᠣᠷᠣᠨ ᠤ ᠳᠣᠲᠣᠨ᠎ᠠ ᠭᠠᠳᠠᠨᠠᠬᠢ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠲᠤᠰᠬᠠᠢ ᠮᠡᠷᠭᠡᠵᠢᠯᠲᠡᠨ ᠡᠷᠳᠡᠮᠲᠡᠨ ᠢ ᠥᠷᠭᠡᠨ ᠢᠶᠠᠷ ᠲᠠᠲᠠᠨ ᠣᠷᠣᠯᠴᠠᠭᠤᠯᠵᠤ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠲᠤᠰᠬᠠᠢ ᠰᠡᠳᠦᠪ ᠤᠨ ᠬᠡᠯᠪᠡᠷᠢ ᠪᠠᠷ ᠮᠠᠨ ᠤ ᠣᠷᠣᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠴᠢᠬᠤᠯᠠ ᠶᠡᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠶᠢᠨ ᠰᠤᠳᠤᠯᠤᠨ ᠶᠠᠷᠢᠯᠴᠠᠬᠤ ᠪᠠ ᠲᠤᠰᠬᠠᠢ ᠰᠡᠳᠦᠪᠲᠦ ᠡᠷᠲᠡᠮ ᠰᠢᠨᠵᠢᠯᠡᠭᠡᠨ ᠤ ᠬᠤᠪᠢᠶᠠᠨ ᠡᠳ᠋ᠯᠡᠬᠦ ᠵᠡᠷᠭᠡ ᠶᠢ ᠢᠳᠡᠪᠬᠢᠲᠡᠢ ᠠᠬᠢᠭᠤᠯᠵᠤ᠂ ᠰᠢᠨᠵᠢᠯᠡᠭᠡᠨ ᠤ ᠰᠠᠯᠠᠭ᠎ᠠ ᠠᠯᠤᠰᠯᠠᠨ ᠠᠭᠤᠰᠤᠯᠴᠠᠨ ᠰᠤᠳᠤᠯᠬᠤ ᠶᠢ ᠶᠡᠭᠡ ᠪᠠᠷ ᠠᠬᠢᠭᠤᠯᠵᠤ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠤᠳᠤᠯᠭᠠᠨ ᠤ ᠦᠷ᠎ᠡ ᠪᠦᠲᠦᠭᠡᠯ ᠤᠨ ᠬᠡᠷᠡᠭᠯᠡᠯᠲᠡ ᠶᠢ ᠲᠦᠷᠭᠡᠳᠬᠡᠬᠦ ᠪᠤᠯᠤᠨ᠎ᠠ᠃ ᠬᠤᠶᠠᠷ ᠲᠠᠯ᠎ᠠ ᠪᠠᠷ ᠢᠶᠠᠨ᠂ ᠰᠦᠯᠵᠢᠶᠡᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠰᠤᠳᠤᠯᠭᠠᠨ ᠢ ᠲᠦᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠤᠳᠤᠯᠭᠠᠨ ᠤ ᠰᠠᠭᠤᠷᠢᠨ ᠤ ᠴᠢᠳᠠᠪᠤᠷᠢᠲᠠᠨ᠂ ᠡᠷᠳᠡᠮ ᠰᠢᠨᠵᠢᠯᠡᠭᠡᠨ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠪᠦᠬᠦ ᠣᠷᠣᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠤᠳᠤᠯᠭᠠᠨ ᠤ ᠭᠤᠣᠯᠯᠠᠭᠴᠢ ᠬᠦᠴᠦᠨ ᠢ ᠬᠥᠮᠥᠵᠢᠭᠦᠯᠦᠨ᠎ᠡ ᠭᠡᠵᠦ ᠰᠠᠨᠠᠯ ᠨᠢᠭᠡᠲᠡᠢ ᠵᠥᠪᠰᠢᠶᠡᠷᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号