ᠥᠭᠡᠷᠡᠴᠢᠯᠡᠯᠲᠡ ᠶᠢ ᠡᠯ᠎ᠡ ᠵᠦᠢᠯ ᠤᠨ ᠠᠵᠢᠯ ᠤᠨ ᠲᠤᠮᠳᠠ ᠲᠤᠭᠤᠰᠢᠯᠠᠭᠤᠯᠰᠤᠭᠠᠢ
ᠨᠡᠶᠢᠲᠡᠯᠡᠭᠰᠡᠨ ᠴᠠᠭ᠄
2024/8/5
    ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠬᠥᠭᠵᠢᠯᠲᠡ ᠳᠠᠪᠰᠢᠯᠲᠠ ᠶᠢᠨ ᠠᠮᠢᠵᠢᠷᠠᠯ ᠤᠨ ᠬᠦᠴᠦᠨ ᠤ ᠡᠬᠢ ᠰᠤᠷᠪᠤᠯᠵᠢ ᠮᠥᠨ᠂ ᠨᠠᠮ ᠪᠠ ᠠᠷᠠᠳ ᠲᠦᠮᠡᠨ ᠤ ᠠᠵᠢᠯ ᠦᠢᠯᠡᠰ ᠤᠨ ᠲᠤᠮᠤ ᠠᠯᠬᠤᠮ ᠢᠶᠠᠷ ᠴᠠᠭ ᠦᠶ᠎ᠡ ᠶᠢ ᠬᠥᠭᠡᠭᠡᠵᠦ ᠭᠦᠢᠴᠡᠬᠦ ᠴᠢᠬᠤᠯᠠ ᠡᠷᠳᠡᠨᠢ ᠮᠥᠨ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ᠂ ᠥᠭᠡᠷᠡᠴᠢᠯᠡᠯᠲᠡ ᠶᠢ ᠡᠯ᠎ᠡ ᠵᠦᠢᠯ ᠤᠨ ᠠᠵᠢᠯ ᠳᠤ ᠲᠤᠭᠤᠰᠢᠯᠠᠭᠤᠯᠬᠤ ᠳᠠᠶᠢᠴᠢᠯᠠᠯᠲᠠ ᠶᠢᠨ ᠵᠠᠷᠯᠢᠭ ᠪᠠᠭᠤᠯᠭᠠᠪᠠ᠃ ᠣᠷᠣᠨ ᠳᠠᠶᠠᠭᠠᠷ ᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ ᠦᠨᠡᠨ ᠬᠦ ᠠᠳᠬᠤᠨ ᠪᠣᠳᠠᠲᠠᠢ ᠠᠵᠢᠯᠯᠠᠵᠤ ᠥᠭᠡᠷᠡᠴᠢᠯᠡᠯᠲᠡ ᠶᠢ ᠠᠬᠢᠭᠤᠯᠵᠤ᠂ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠲᠦᠯᠦᠪᠵᠢᠭᠦᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠦᠬᠦ ᠬᠦᠴᠦᠨ ᠢᠶᠠᠷ ᠢᠶᠠᠨ ᠪᠢᠴᠢᠭᠯᠡᠬᠦ ᠬᠡᠷᠡᠭᠲᠡᠢ᠃    ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠨᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠯ᠎ᠠ ᠪᠦᠬᠦᠨ ᠳᠤ ᠬᠤᠯᠪᠣᠭᠳᠠᠨ᠎ᠠ᠂ ᠥᠭᠡᠷᠡᠴᠢᠯᠡᠯᠲᠡ ᠬᠡᠳᠦᠢ ᠡᠭᠡᠳᠡᠷᠡᠭᠡᠨ ᠪᠤᠳᠤᠯᠢᠶᠠᠨ ᠲᠠᠢ ᠪᠣᠯᠬᠤ ᠲᠤᠳᠤᠮ ᠵᠠᠩᠭᠢᠯᠠᠭ᠎ᠠ ᠶᠢ ᠬᠡᠳᠦᠢ ᠴᠢᠩᠭ᠎ᠠ ᠠᠳᠬᠤᠵᠤ᠂ ᠦᠷᠭᠦᠯᠵᠢᠯᠡᠨ ᠬᠦᠴᠦᠯᠡᠵᠦ᠂ ᠤᠷᠳᠤ ᠬᠤᠭᠤᠴᠠᠭ᠎ᠠ ᠪᠠᠷ ᠵᠢᠳᠭᠦᠨ ᠴᠢᠷᠮᠠᠶᠢᠬᠤ ᠬᠡᠷᠡᠭᠲᠡᠢ᠃ ᠪᠦᠬᠦ ᠣᠷᠣᠨ ᠤ ᠡᠯ᠎ᠡ ᠭᠠᠵᠠᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠲᠠᠯ᠎ᠠ ᠪᠦᠬᠦ ᠶᠠᠪᠤᠴᠠ ᠳᠤ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠠᠪᠤᠴᠠ ᠳᠠᠬᠢ ᠭᠤᠣᠯᠳᠠᠯᠭ᠎ᠠ᠂ ᠬᠦᠴᠢᠷᠳᠡᠯ᠂ ᠲᠦᠭᠵᠢᠷᠡᠯ ᠢ ᠴᠢᠩᠭ᠎ᠠ ᠠᠩᠬᠠᠷᠴᠤ ᠪᠣᠭᠤᠮᠲᠠ ᠰᠢᠪᠲᠤᠯᠬᠤ ᠬᠠᠷᠰᠢ ᠰᠠᠭᠠᠳ ᠢ ᠠᠷᠢᠯᠭᠠᠬᠤ ᠠᠷᠭ᠎ᠠ ᠬᠡᠮᠵᠢᠶ᠎ᠠ ᠶᠢ ᠲᠥᠯᠥᠪᠵᠢᠭᠦᠯᠦᠨ ᠬᠡᠷᠡᠭᠵᠢᠭᠦᠯᠬᠦ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠳᠤ ᠵᠣᠬᠢᠴᠠᠬᠤ ᠠᠵᠤ ᠠᠬᠤᠢ ᠶᠢᠨ ᠪᠠᠶᠢᠷᠢᠰᠢᠭᠤᠯᠤᠯᠲᠠ ᠶᠢ ᠲᠦᠷᠭᠡᠳᠭᠡᠨ ᠪᠠᠶᠢᠭᠤᠯᠵᠤ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠠᠵᠢᠯ ᠤᠨ ᠰᠢᠰᠲ᠋ᠧᠮ ᠢ ᠪᠦᠷᠢᠨᠰᠢᠭᠦᠯᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ ᠲᠣᠭᠲᠡᠴᠡ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠠᠵᠠᠷ ᠰᠢᠷᠣᠶ᠂ ᠡᠨᠧᠷᠭᠢ᠂ ᠴᠠᠬᠢᠯᠭᠠᠨ ᠬᠦᠴᠦ᠂ ᠠᠭᠤᠷᠬᠠᠶ᠂ ᠤᠰᠤ᠂ ᠳ᠋ᠠᠶᠢᠲ᠋ᠠ ᠵᠡᠷᠭᠡ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠪᠠ ᠭᠤᠤᠯᠳᠠᠯᠭ᠎ᠠ ᠲᠠᠢ ᠬᠦᠷᠢᠶᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠤ᠂ ᠦᠵᠡᠯ ᠰᠠᠨᠠᠭ᠎ᠠ ᠪᠠᠷ ᠬᠦᠳᠦᠯᠦᠨ ᠳᠠᠭᠠᠭᠤᠯᠬᠤ᠂ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠢᠯᠢ ᠬᠢᠵᠠᠭᠠᠷ ᠢ ᠲᠤᠭᠳᠠᠪᠤᠷᠢᠵᠢᠭᠤᠯᠬᠤ ᠬᠢᠯᠢ ᠬᠢᠵᠠᠭᠠᠷ ᠢ ᠪᠠᠬᠢᠵᠢᠭᠦᠯᠬᠦ᠂ ᠰᠣᠶᠣᠯ ᠤᠨ ᠪᠠᠶᠢᠭᠤᠯᠤᠯᠲᠠ᠂ ᠰᠢᠨ᠎ᠡ ᠰᠤᠷᠲᠠᠯ ᠢ ᠪᠤᠢ ᠪᠣᠯᠭᠠᠬᠤ᠂ ᠨᠠᠮ ᠤᠨ ᠪᠠᠶᠢᠭᠤᠯᠤᠯᠲᠠ ᠵᠡᠷᠭᠡ ᠲᠠᠯ᠎ᠠ ᠶᠢᠨ ᠳᠦᠷᠢᠮ ᠲᠣᠭᠲᠡᠴᠡ ᠶᠢ ᠲᠡᠭᠦᠯᠳᠡᠷᠵᠢᠭᠦᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠣᠪᠣᠷ ᠢᠶᠠᠷ ᠥᠪᠥᠷ ᠮᠣᠩᠭᠤᠯ ᠤᠨ ᠶᠠᠪᠤᠳᠠᠯ ᠢ ᠰᠠᠶᠢᠲᠤᠷ ᠬᠢᠵᠤ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠠᠩ ᠦᠵᠡᠰᠭᠦᠯᠡᠩᠲᠦ ᠰᠠᠶᠢᠬᠠᠨ ᠪᠣᠯᠭᠠᠨ ᠪᠥᠲᠥᠭᠡᠨ ᠪᠠᠶᠢᠭᠤᠯᠬᠤ ᠬᠡᠷᠡᠭᠳᠠᠢ᠃    ᠥᠭᠡᠷᠡᠴᠢᠯᠡᠯᠲᠡ ᠶᠢ ᠲᠦᠯᠦᠪᠵᠢᠭᠦᠯᠵᠤ᠂ ᠦᠭᠡᠷᠡᠴᠢᠯᠡᠯᠳᠡ ᠶᠢ ᠠᠳᠬᠤᠬᠤ ᠳᠤ ᠡᠷᠬᠡᠪᠰᠢ ᠪᠣᠳᠠᠲᠤ ᠪᠠᠶᠢᠳᠠᠯ ᠠᠴᠠ ᠡᠭᠦᠰᠬᠦ ᠬᠡᠷᠡᠭᠲᠡᠢ᠃ ᠪᠢᠳᠡ ᠡᠯ᠎ᠡ ᠵᠦᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠡᠶᠡᠯᠡᠭᠦᠯᠬᠦ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠣᠰ ᠪᠡᠶ᠎ᠡ ᠳᠤ ᠲᠤᠯᠭᠠᠷᠠᠵᠤ ᠪᠠᠶᠢᠭ᠎ᠠ ᠭᠤᠤᠯ ᠵᠥᠷᠢᠴᠡᠯ ᠪᠠ ᠵᠥᠷᠢᠴᠡᠯ ᠤᠨ ᠭᠤᠤᠯ ᠲᠠᠯ᠎ᠠ ᠶᠢ ᠣᠨᠣᠪᠴᠢᠲᠠᠶ ᠡᠷᠢᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠰᠠᠨ ᠪᠣᠳᠠᠲᠠᠶ ᠳᠤ ᠨᠡᠶᠢᠴᠡᠭᠰᠡᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠶ᠃ ᠣᠳᠣᠬᠠᠨ ᠳᠤ ᠥᠪᠥᠷ ᠮᠣᠩᠭᠤᠯ ᠵᠠᠬ᠎ᠠ ᠳᠡᠯᠭᠡᠭᠦᠷ ᠤᠨ ᠤᠬᠠᠮᠰᠠᠷ ᠴᠢᠩᠭ᠎ᠠ ᠪᠢᠰᠢ ᠠᠰᠠᠭᠤᠳᠠᠯ ᠢ ᠰᠢᠢᠳᠪᠦᠷᠢᠯᠡᠬᠦ ᠶᠢ ᠳᠣᠯᠭᠠᠮ᠎ᠠ ᠱᠠᠭᠠᠷᠳᠠᠵᠤ ᠪᠠᠶᠢᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠬᠤ︾ ᠲᠤᠬᠠᠢ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠬᠡᠷᠡᠭᠯᠡᠬᠦ᠂ ᠵᠠᠬ᠎ᠠ ᠳᠡᠯᠭᠡᠭᠦᠷᠴᠢᠯᠡᠭᠰᠡᠨ ᠰᠡᠳᠭᠢᠬᠦᠢ ᠪᠠᠷ ᠠᠵᠢᠯ ᠢᠶᠠᠨ ᠠᠬᠢᠭᠤᠯᠬᠤ ᠴᠢᠳᠠᠪᠤᠷᠢ ᠪᠠᠨ ᠴᠢᠩᠭᠠᠳᠬᠠᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠨᠡᠩ ᠢᠯᠡᠭᠦᠦ ᠲᠦᠰᠢᠭᠯᠡᠨ ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢᠶ᠎ᠠ᠂ ᠨᠡᠶᠢᠭᠡᠮ ᠤᠨ ᠵᠠᠰᠠᠯᠲᠠ ᠶᠢᠨ ᠬᠢᠷᠢ ᠬᠡᠮᠵᠢᠶ᠎ᠠ᠂ ᠤᠯᠠᠨ ᠲᠦᠮᠡᠨ ᠳᠤ ᠦᠢᠯᠡᠴᠢᠯᠡᠬᠦ ᠬᠢᠷᠢ ᠬᠡᠮᠵᠢᠶ᠎ᠠ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠬᠢᠨ ᠲᠦᠷᠦ ᠶᠢᠨ ᠪᠤᠳᠤᠯᠭ᠎ᠠ ᠶᠢ ᠲᠣᠭᠲᠠᠭᠠᠬᠤ ᠪᠠ ᠬᠡᠷᠡᠭᠵᠢᠭᠦᠯᠬᠦ ᠳᠡᠭᠡᠨ ᠶᠡᠷᠦ ᠨᠢ ᠵᠠᠰᠠᠭ ᠵᠠᠬᠢᠷᠭᠠᠨ ᠤ ᠵᠠᠷᠯᠢᠭ ᠢᠶᠠᠷ ᠠᠷᠠᠳ ᠲᠦᠮᠡᠨ ᠢ ᠵᠠᠬᠢᠷᠬᠤ ᠶᠢ ᠪᠤᠳᠤᠭᠠᠳ ᠪᠠᠶᠢᠵᠤ ᠪᠣᠯᠬᠤ ᠦᠭᠡᠢ᠂ ᠬᠠᠷᠢᠨ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠤᠯᠠᠨ ᠲᠦᠮᠡᠨ ᠢ ᠬᠦᠳᠦᠯᠦᠨ ᠵᠢᠯᠣᠭᠤᠳᠴᠤ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠪᠠ ᠨᠡᠶᠢᠭᠡᠮ ᠤᠨ ᠵᠠᠰᠠᠯᠲᠠ ᠳᠤ ᠣᠷᠣᠯᠴᠠᠭᠤᠯᠵᠤ᠂ ᠬᠠᠮᠲᠤ ᠪᠠᠷ ᠴᠢᠷᠮᠠᠶᠢᠬᠤ ᠳᠤᠮᠳᠠ ᠡᠯ᠎ᠡ ᠲᠦᠷᠦᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠤᠯᠠᠨ ᠳᠤ ᠡᠳ᠋ᠯᠡᠭᠦᠯᠬᠦ ᠬᠡᠷᠡᠭᠲᠡᠢ᠃    ᠥᠭᠡᠷᠡᠴᠢᠯᠡᠯᠲᠡ ᠶᠢᠨ ᠲᠤᠭ ᠢ ᠥᠨᠳᠥᠷ ᠮᠠᠨᠳᠤᠭᠤᠯᠵᠤ᠂ ᠴᠠᠭ ᠦᠶ᠎ᠡ ᠶᠢᠨ ᠶᠡᠭᠡ ᠤᠷᠤᠰᠬᠠᠯ ᠬᠤᠷᠢᠬᠯᠠᠬᠳᠠᠰᠢ ᠦᠭᠡᠢ᠃ ᠣᠷᠣᠨ ᠳᠠᠶᠠᠭᠠᠷ ᠢᠶᠠᠨ ᠥᠭᠡᠷᠡᠴᠢᠯᠡᠯᠲᠡ ᠨᠡᠭᠡᠭᠡᠯᠲᠡ ᠭᠡᠬᠦ ᠡᠨᠡ ᠬᠦ ᠴᠢᠬᠤᠯᠠ ᠡᠷᠳᠡᠨᠢ ᠶᠢ ᠦᠷᠭᠦᠯᠵᠢᠯᠡᠨ ᠰᠠᠶᠢᠲᠤᠷ ᠬᠡᠷᠡᠭᠯᠡᠵᠦ᠂ ᠲᠣᠭᠲᠠᠯ ᠬᠦᠴᠦᠨ ᠢᠶᠠᠨ ᠪᠠᠲᠤᠯᠠᠵᠤ ᠥᠭᠡᠷᠡᠴᠢᠯᠡᠯᠲᠡ ᠶᠢ ᠲᠥᠯᠥᠪᠵᠢᠭᠦᠯᠵᠦ᠂ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠤᠨᠤᠴᠠᠳᠠᠢ ᠬᠦᠴᠦᠯᠡᠨ ᠥᠭᠡᠷᠡᠴᠢᠯᠡᠯᠲᠡ ᠶᠢ ᠠᠳᠬᠤᠵᠤ᠂ ᠥᠭᠡᠷᠡᠴᠢᠯᠡᠯᠲᠡ ᠶᠢ ᠡᠯ᠎ᠡ ᠬᠦᠷᠢᠶ᠎ᠡ ᠡᠯ᠎ᠡ ᠭᠤᠭᠴᠤᠭ᠎ᠠ ᠳᠤ ᠡᠷᠡᠰ ᠭᠤᠶᠢᠪᠢᠰᠢ ᠦᠭᠡᠢ ᠲᠤᠭᠤᠰᠢᠯᠠᠭᠤᠯᠪᠠᠯ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠵᠦ ᠴᠢᠳᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号