ᠳᠡᠭᠡᠷ᠎ᠡ ᠬᠠᠭᠠᠰ ᠵᠢᠯ ᠳᠤ ᠮᠠᠨ ᠤ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠲᠤᠭᠳᠠᠭᠤᠨ ᠬᠥᠭᠵᠢᠯᠲᠡ ᠪᠠᠨ ᠪᠠᠳᠤᠯᠠᠪᠠ
ᠨᠡᠶᠢᠲᠡᠯᠡᠭᠰᠡᠨ ᠴᠠᠭ᠄
2024/8/6
    ᠵᠤᠨ ᠤ ᠳᠡᠯᠭᠡᠷ ᠤᠯᠠᠷᠢᠯ ᠳᠤ ᠠᠯᠠᠱᠠ ᠶᠢᠨ ᠠᠮᠤ ᠪᠤᠳᠠᠭ᠎ᠠ ᠡᠯᠪᠡᠭ ᠬᠤᠷᠢᠶᠠᠯᠳᠠ ᠤᠯᠵᠤ᠂ ᠮᠠᠯ ᠠᠵᠤ ᠠᠬᠤᠢ ᠴᠢᠨᠠᠷ ᠰᠠᠶᠢᠳᠠᠢ ᠬᠦᠭᠵᠢᠨ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃    ᠬᠤᠶᠠᠷᠬᠤᠳᠳᠤᠭ ᠤᠨ ᠬᠦᠳᠡᠭᠡ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠹᠦ᠋ ᠴᠢ ᠲᠠᠷᠢᠶᠠᠯᠠᠩ ᠤᠨ ᠲᠤᠰᠬᠠᠢ ᠬᠤᠷᠰᠢᠶ᠎ᠠ ᠶᠢᠨ ᠼᠠᠨᠳᠧᠦ ᠪᠤᠷᠴᠠᠭ ᠤᠨ ᠲᠠᠷᠢᠮᠠᠯ ᠤᠨ ᠰᠠᠭᠤᠷᠢᠨ ᠤ 700 ᠮᠦ ᠼᠠᠨᠳᠧᠦ ᠪᠤᠷᠴᠠᠭ ᠤᠨ ᠤᠷᠭᠤᠴᠠ ᠬᠦᠮᠦᠰ ᠢ ᠪᠠᠶᠠᠰᠬᠠᠨ᠎ᠠ᠃ ︽ᠡᠨᠡ ᠵᠢᠯ ᠪᠢᠳᠡ ᠨᠡᠶᠢᠲᠡ 2000 ᠮᠦ ᠭᠠᠵᠠᠷ ᠲᠤ ᠯᠢᠩ ᠰᠢ ᠲᠣᠮᠣ ᠼᠠᠨᠳᠧᠦ ᠶᠢ ᠲᠤᠷᠰᠢᠨ ᠳᠠᠷᠢᠭᠰᠠᠨ ᠪᠥᠭᠡᠳ ︿ᠮᠧᠶ ᠷᠧᠨ ᠱᠠᠨ ᠡᠯᠡᠰᠦ ᠮᠠᠩᠬᠠᠨ ᠤ ᠴᠡᠯ ᠨᠣᠭᠤᠭᠠᠨ ᠼᠠᠨᠳᠧᠦ ᠪᠤᠷᠴᠠᠭ﹀ ᠬᠡᠬᠦ ᠲᠠᠸᠠᠷ ᠤᠨ ᠲᠡᠮᠳᠡᠭ ᠢ ᠳᠠᠩᠰᠠᠯᠠᠭᠤᠯᠵᠤ᠂ ᠳᠠᠷᠢᠮᠠᠯ ᠤᠨ ᠰᠢᠯᠢᠳᠡᠭ ᠡᠭᠦᠯᠳᠡᠷ ᠢ ᠪᠤᠶᠢᠵᠢᠭᠤᠯᠬᠤ ᠪᠠ ᠤᠰᠤ ᠠᠷᠪᠢᠯᠠᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠡᠶᠡᠯᠡᠬᠦᠯᠦᠭᠰᠡᠨ ᠪᠠᠶᠢᠨ᠎ᠠ᠃ ᠬᠡᠳᠦ᠋ᠪᠡᠷ ᠠᠩᠬ᠎ᠠ ᠤᠳᠠᠭ᠎ᠠ ᠳᠠᠷᠢᠵᠤ ᠪᠠᠶᠢᠭ᠎ᠠ ᠪᠣᠯᠪᠠᠴᠤ ᠲᠦᠷᠦᠭᠦᠴᠢ ᠶᠢᠨ ᠬᠤᠭᠤᠴᠠᠭᠠᠨ ᠤ ᠲᠠᠷᠢᠶᠠᠨ ᠭᠠᠵᠠᠷ ᠤᠨ ᠬᠠᠮᠢᠶᠠᠷᠤᠯᠲᠠ ᠪᠠᠨ ᠰᠠᠶᠢᠨ ᠬᠢᠭᠰᠡᠨ ᠠᠴᠠ ᠣᠳᠣᠬᠠᠨ ᠳᠤ ᠼᠠᠨᠳᠧᠦ ᠪᠤᠷᠴᠠᠭ ᠦᠷ᠎ᠠ ᠳᠦᠭᠦᠷᠡᠩ᠂ ᠥᠩᠭᠡ ᠰᠠᠶᠢᠬᠠᠨ᠂ ᠠᠮᠲᠠ ᠰᠣᠷᠭᠤᠭ ᠪᠠᠶᠢᠨ᠎ᠠ᠃ ᠵᠢᠱᠢᠯᠳᠠ ᠪᠠᠷ ᠮᠦ ᠪᠦᠷᠢ ᠶᠢᠨ ᠬᠤᠷᠢᠶᠠᠯᠳᠠ 2000 ᠵᠢᠩ ᠳᠤ ᠬᠦᠷᠬᠦ ᠪᠦᠬᠡᠳ ᠪᠡᠭᠡᠵᠢᠩ ᠱᠠᠩᠬᠠᠢ ᠭᠤᠸᠠᠩᠵᠧᠦ ᠳᠤ ᠪᠣᠷᠣᠯᠠᠭᠤᠯᠬᠤ ᠪᠠᠷ ᠪᠡᠯᠡᠳᠭᠡᠵᠦ ᠪᠠᠶᠢᠨ᠎ᠠ︾ ᠬᠡᠵᠦ ᠼᠠᠨᠳᠧᠦ ᠪᠤᠷᠴᠠᠭ ᠳᠠᠷᠢᠬᠤ ᠰᠠᠭᠤᠷᠢᠨ ᠤ ᠮᠡᠷᠭᠡᠵᠢᠯᠲᠡᠨ ᠶᠠᠩ ᠨᠠᠨ ᠳᠠᠨᠢᠯᠴᠠᠭᠤᠯᠪᠠ᠃    ᠣᠶᠢᠷ᠎ᠠ ᠶᠢᠨ ᠵᠢᠯ ᠠᠴᠠ᠂ ᠮᠠᠨ ᠤ ᠠᠶᠢᠮᠠᠭ ᠠᠮᠤ ᠪᠤᠳᠠᠭᠠᠨ ᠤ ᠠᠮᠤᠷ ᠲᠦᠪᠰᠢᠨ ᠢ ᠢᠮᠠᠭᠲᠠ ᠠᠳᠬᠤᠵᠤ᠂ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠶᠢ ᠪᠦᠬᠦ ᠵᠢᠯ ᠤᠨ ᠠᠵᠢᠯ ᠤᠨ ᠲᠡᠷᠢᠭᠦᠨ ᠴᠢᠬᠤᠯᠠ ᠡᠭᠦᠷᠭᠡ ᠪᠠᠨ ᠪᠤᠯᠭᠠᠨ᠂ ᠠᠮᠤ ᠪᠤᠳᠠᠭ᠎ᠠ ᠲᠠᠷᠢᠬᠤ ᠲᠠᠯᠠᠪᠠᠢ ᠶᠢ ᠪᠠᠭᠠᠰᠬᠠᠬᠤ ᠦᠭᠡᠢ᠂ ᠤᠨᠠᠯᠲᠠ ᠶᠢ ᠪᠠᠭᠤᠷᠠᠭᠤᠯᠬᠤ ᠦᠭᠡᠢ ᠪᠠᠶᠢᠬᠤ ᠶᠢ ᠪᠠᠲᠤᠯᠠᠵᠠᠢ᠃ ︽ᠠᠯᠠᠱᠠ ᠠᠶᠢᠮᠠᠭ ᠤᠨ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢᠨ ᠲᠣᠬᠢᠷᠠᠭᠤᠯᠤᠯᠲᠠ ᠶᠢᠨ ᠬᠡᠷᠡᠭᠵᠢᠭᠦᠯᠬᠦ ᠲᠥᠰᠥᠯ︾ ᠢ ᠬᠡᠷᠡᠭᠵᠢᠬᠦᠯᠦᠨ᠂ ᠲᠠᠷᠢᠮᠠᠯ ᠤᠨ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠠᠯᠬᠤᠴᠠ ᠶᠢ ᠲᠦᠷᠭᠡᠳᠭᠡᠪᠡ᠃ 2024 ᠣᠨ ᠳᠤ ᠪᠥᠬᠦ ᠠᠶᠢᠮᠠᠭ 53.23 ᠲᠦᠮᠡᠨ ᠮᠦ ᠳᠠᠷᠢᠶᠠᠯᠠᠭ᠎ᠠ ᠶᠢ ᠪᠡᠶᠡᠯᠡᠭᠦᠯᠵᠡᠢ᠃ ᠠᠮᠤ ᠪᠤᠳᠠᠭᠠᠨ ᠤ ᠲᠠᠷᠢᠮᠠᠯ᠂ ᠠᠵᠤ ᠠᠬᠤᠢ ᠶᠢᠨ ᠲᠠᠷᠢᠮᠠᠯ᠂ ᠲᠡᠵᠢᠭᠡᠯ ᠡᠪᠡᠰᠦ ᠪᠣᠷᠳᠣᠭᠠᠨ ᠤ ᠲᠠᠷᠢᠮᠠᠯ ᠤᠨ ᠳᠠᠷᠢᠬᠤ ᠲᠠᠯᠠᠪᠠᠶ ᠲᠣᠰ ᠲᠣᠰ 26.23 ᠲᠦᠮᠡᠨ ᠮᠦ᠂ 16.04 ᠲᠦᠮᠡᠨ ᠮᠦ ᠪᠠ 10.96 ᠲᠦᠮᠡᠨ ᠮᠦ ᠳᠤ ᠬᠦᠷᠴᠦ᠂ ᠪᠦᠲᠦᠴᠡ ᠶᠢᠨ ᠬᠠᠷᠢᠴᠠᠯ ᠨᠢ 49.27%᠄ 30.13%᠄ 20.6% ᠳᠤ ᠬᠥᠷᠪᠡ᠃ 44 ᠲᠦᠮᠡᠨ ᠮᠣ᠋ ᠳᠠᠷᠢᠮᠠᠯ ᠳᠤ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ ᠪᠡᠶᠡᠯᠡᠭᠦᠯᠵᠦ᠂ 96% ᠶᠢᠨ ᠦᠨᠳᠦᠰᠦᠨ ᠲᠠᠷᠢᠶᠠᠨ ᠭᠠᠵᠠᠷ ᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ ᠳᠠᠭᠤᠰᠬᠠᠪᠠ᠃    ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ᠶᠦᠩ ᠬᠤᠤ ᠰᠢᠨᠵᠢᠯᠡᠭᠡ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠲᠦᠮᠡᠨ ᠰᠠᠭᠠᠯᠢ ᠶᠢᠨ ᠦᠨᠢᠶ᠎ᠠ ᠲᠡᠵᠢᠭᠡᠨ ᠦᠷᠡᠵᠢᠭᠦᠯᠬᠦ ᠰᠠᠭᠤᠷᠢᠨ ᠤ ᠦᠨᠢᠶ᠎ᠡ ᠰᠠᠭᠠᠬᠤ ᠪᠦᠷᠢᠨ ᠠᠦ᠋ᠲ᠋ᠣ᠋ ᠲᠢᠩᠬᠢᠮ ᠳᠤ ᠰᠠᠭᠠᠯᠢ ᠶᠢᠨ ᠦᠨᠢᠶ᠎ᠡ ᠶᠢ ᠲᠡᠷᠢ ᠲᠡᠭᠰᠢ ᠵᠢᠭᠰᠠᠭᠠᠨ ᠵᠤᠭᠰᠤᠭᠠᠵᠦ᠂ ᠦᠨᠢᠶᠠᠨ ᠤ ᠳᠡᠯᠡᠩ ᠢ ᠠᠷᠢᠭᠤᠳᠬᠠᠨ ᠤᠬᠢᠶᠠᠬᠤ᠂ ᠰᠠᠭᠠᠬᠤ ᠮᠠᠰᠢᠨ ᠢᠶᠠᠷ ᠦᠨᠢᠶ᠎ᠠ ᠰᠠᠭᠠᠬᠤ᠂ ᠰᠠᠭᠠᠭᠰᠠᠨ ᠰᠦ ᠶᠢ ᠴᠡᠪᠡᠷᠰᠢᠬᠦᠯᠦᠨ ᠰᠠᠪᠠᠯᠠᠬᠤ ᠵᠡᠷᠬᠡ ᠤᠶᠤᠨᠴᠢᠯᠠᠭᠰᠠᠨ ᠦᠢᠯᠡᠳᠪᠦᠷᠢᠯᠡᠯ ᠤᠨ ᠪᠠᠶᠢᠳᠠᠯ ᠬᠠᠷᠠᠭᠠᠨ ᠳᠤ ᠳᠤᠳᠤᠷᠠᠨ᠎ᠠ᠃ ᠺᠣᠮᠫᠠᠨᠢ ᠶᠢᠨ ᠬᠠᠷᠢᠭᠤᠴᠠᠯᠭᠠᠲᠠᠨ ᠽᠧᠦ ᠾᠧ ᠶᠠᠩ᠄ ︽ᠮᠠᠨ ᠤ ᠲᠡᠵᠢᠭᠡᠨ ᠦᠷᠡᠵᠢᠭᠦᠯᠬᠦ ᠰᠠᠭᠤᠷᠢᠨ ᠤ ᠲᠠᠯᠠᠪᠠᠶ 844 ᠮᠦ᠂ ᠰᠠᠭᠠᠯᠢ ᠶᠢᠨ ᠦᠨᠢᠶ᠎ᠡ 8000᠂ ᠠᠯᠠᠰᠢᠨ ᠤ ᠦᠬᠡᠷ 2000᠂ ᠡᠳᠦᠷ ᠲᠤ 120 ᠲᠣᠨ ᠰᠦ ᠰᠠᠭᠠᠵᠦ ᠪᠠᠶᠢᠨ᠎ᠠ︾ ᠬᠡᠯ᠎ᠠ᠃    ᠡᠨᠡ ᠵᠢᠯ ᠠᠴᠠ ᠨᠠᠭᠠᠰᠢ᠂ ᠮᠠᠨ ᠤ ᠠᠶᠢᠮᠠᠭ ᠣᠨᠴᠠᠯᠢᠭ ᠢᠶᠠᠷ ᠢᠯᠡ ᠲᠣᠳᠣ᠂ ᠬᠡᠯᠬᠢᠶ᠎ᠡ ᠨᠢ ᠪᠦᠷᠢᠨ ᠪᠦᠲᠦᠨ᠂ ᠥᠷᠢᠰᠦᠯᠳᠦᠬᠦ ᠬᠦᠴᠦᠨ ᠢᠶᠠᠷ ᠴᠢᠩᠭ᠎ᠠ ᠳᠠᠪᠠᠭᠤᠯᠢᠭ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠡᠭᠦᠳᠴᠦ᠂ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠬᠦᠯᠦᠨ᠂ ᠮᠠᠯ ᠠᠵᠤ ᠠᠬᠤᠢ ᠶᠢᠨ ᠲᠦᠷᠦᠯ ᠲᠡᠮᠳᠡᠭ ᠢ ᠪᠤᠶᠢᠵᠢᠭᠤᠯᠬᠤ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠬᠢᠵᠢᠬᠦᠯᠦᠨ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ 7 ᠰᠠᠷ᠎ᠠ ᠶᠢᠨ ᠡᠴᠦᠰ ᠪᠣᠯᠲᠠᠯ᠎ᠠ᠂ ᠪᠥᠬᠦ ᠠᠶᠢᠮᠠᠭ ᠤᠨ ᠮᠠᠯ ᠤᠨ ᠲᠤᠭ᠎ᠠ ᠲᠣᠯᠣᠭᠠᠢ 136.5 ᠲᠦᠮᠡ ᠬᠦᠷᠴᠦ᠂ ᠨᠡᠶᠢᠲᠡ 38 ᠲᠦᠮᠡᠨ ᠲᠥᠯ ᠲᠤᠰᠴᠤ᠂ ᠪᠥᠬᠦ ᠵᠢᠯ ᠤᠨ ᠡᠭᠦᠷᠭᠡ ᠪᠠᠨ ᠨᠢᠭᠡᠨᠲᠡ ᠪᠡᠶᠡᠯᠡᠭᠦᠯᠪᠡ︔ ᠠᠯᠠᠰᠢᠨ ᠦᠬᠡᠷ 10.2 ᠳᠦᠮᠠ᠂ ᠰᠠᠭᠠᠯᠢ ᠶᠢᠨ ᠦᠨᠢᠶ᠎ᠡ 3.08 ᠳᠦᠮᠠ᠂ ᠲᠡᠮᠡᠭᠡ 16.04 ᠳᠦᠮᠠ ᠳᠤ ᠬᠦᠷᠴᠦ᠂ ᠪᠤᠭ ᠮᠠᠯ 102.8 ᠳᠦᠮᠠ᠂ ᠭᠠᠭ᠋ᠠᠢ 3.1 ᠳᠦᠮᠠ᠂ ᠮᠡᠭᠡᠵᠢ 0.43 ᠳᠦᠮᠠ ᠳᠤ ᠬᠦᠷᠪᠡ︔ ᠮᠢᠬᠠᠨ ᠤ ᠭᠠᠷᠤᠯᠲᠠ 5384 ᠲᠣᠨ᠂ ᠰᠦᠨ ᠤ ᠭᠠᠷᠤᠯᠲᠠ 11.8 ᠲᠦᠮᠡᠨ ᠲᠣᠨ ᠳᠤ ᠬᠦᠷᠴᠦ᠂ ᠡᠭᠦᠨ ᠳᠤ ᠢᠩᠬᠡᠨ ᠰᠦ 6250 ᠲᠣᠨ ᠳᠤ ᠬᠦᠷᠴᠡᠢ᠃    ᠣᠳᠣᠬᠠᠨ ᠳᠤ᠂ ᠠᠯᠠᠱᠠ ᠶᠢᠨ ᠣᠲᠣ ᠦᠶ᠎ᠡ ᠶᠢᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠢᠯ ᠤᠨ ᠲᠥᠯᠥᠪᠯᠡᠭᠡ ᠶᠢᠨ ᠶᠡᠷᠦᠩᠬᠡᠢ ᠬᠡᠮᠵᠢᠶ᠎ᠡ ᠶᠢᠨ 70% ᠶᠢ ᠨᠢᠭᠡᠨᠲᠡ ᠪᠡᠶᠡᠯᠡᠭᠦᠯᠵᠦ᠂ ᠠᠯᠠᠱᠠ ᠪᠠᠷᠠᠭᠤᠨ ᠬᠤᠰᠢᠭᠤᠨ ᠤ ᠲᠡᠮᠡᠭᠡᠨ ᠤ ᠠᠵᠤ ᠦᠢᠯᠡᠰ ᠤᠨ ᠬᠦᠢᠲᠡᠨ ᠢᠶᠠᠷ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ ᠨᠢ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠬᠡᠮᠵᠢᠶ᠎ᠡ ᠶᠢᠨ 95% ᠶᠢ ᠨᠢᠭᠡᠨᠲᠡ ᠪᠡᠶᠡᠯᠡᠭᠦᠯᠪᠡ᠃ ᠪᠥᠬᠦ ᠠᠶᠢᠮᠠᠭ ᠤᠨ ᠲᠡᠮᠡᠭᠡ ᠲᠡᠵᠢᠭᠡᠨ ᠦᠷᠡᠵᠢᠭᠦᠯᠬᠦ ᠲᠠᠯᠠᠪᠠᠶ 2654 ᠡᠷᠦᠬᠡ ᠪᠤᠯᠵᠤ᠂ ᠡᠭᠦᠨ ᠳᠤ ᠵᠠᠭᠤᠨ ᠲᠡᠮᠡᠭᠡ ᠠᠴᠠ ᠳᠡᠭᠡᠭᠰᠢ ᠡᠷᠦᠬᠡ 949 ᠪᠣᠶ᠃ ᠠᠯᠠᠰᠢᠨ ᠬᠤᠨᠢᠨ ᠤ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠲᠠᠯᠠᠪᠠᠶ 2᠂ 300 ᠠᠴᠠ ᠳᠡᠭᠡᠭᠰᠢᠬᠢ ᠳᠡᠮᠡᠭᠡ ᠳᠡᠵᠢᠬᠡᠬᠦ ᠰᠠᠭᠤᠷᠢᠨ 10᠂ ᠦᠨᠳᠡᠬᠡᠯᠡᠬᠦ ᠳᠠᠬᠢᠶ᠎ᠠ ᠶᠢᠨ ᠲᠠᠯᠠᠪᠠᠶ 1᠂ ᠲᠡᠮᠡᠭᠡᠨ ᠬᠢᠷᠭᠤᠤᠯ ᠤᠨ ᠰᠠᠭᠤᠷᠢᠨ 1 ᠶᠢ ᠪᠠᠶᠢᠭᠤᠯᠤᠭᠰᠠᠨ ᠪᠦᠬᠡᠳ ᠨᠣᠯᠣᠣᠷ ᠤᠨ ᠴᠠᠭᠠᠨ ᠢᠮᠠᠭ᠎ᠠ ᠲᠡᠵᠢᠭᠡᠨ ᠦᠷᠡᠵᠢᠭᠦᠯᠬᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠡᠷᠭᠡ ᠨᠢᠭᠡ ᠪᠦᠯᠦᠭ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠲᠦᠯᠬᠢᠨ ᠠᠬᠢᠭᠤᠯᠪᠠ᠃ ᠪᠥᠬᠦ ᠠᠶᠢᠮᠠᠭ ᠲᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠳᠤᠯᠤᠭᠠᠶᠢᠯᠠᠬᠤ ᠠᠵᠤ ᠠᠬᠤᠶᠢᠯᠠᠯ 55 ᠪᠤᠢ ᠪᠣᠯᠵᠤ᠂ ᠡᠭᠦᠨ ᠳᠤ ᠤᠯᠤᠰ ᠤᠨ ᠲᠠᠰ ᠤᠨ 2᠂ ᠥᠪᠡᠷᠲᠡᠭᠡᠨ ᠵᠠᠰᠠᠬᠤ ᠣᠷᠣᠨ ᠤ ᠲᠠᠰ ᠤᠨ 13᠂ ᠠᠶᠢᠮᠠᠭ ᠤᠨ ᠲᠠᠰ ᠤᠨ 40 ᠪᠣᠶ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠵᠢᠱᠢᠶ᠎ᠡ ᠦᠵᠡᠭᠦᠯᠬᠦ ᠬᠤᠯᠪᠤᠭᠠᠯᠠᠭᠰᠠᠨ ᠴᠣᠭᠴᠠ 25 ᠡᠷᠦᠬᠡ ᠪᠤᠯᠵᠡᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号