ᠰᠦᠪᠡᠭᠴᠢᠯᠡᠵᠦ ᠰᠢᠨ᠎ᠡ ᠶᠢ ᠡᠭᠦᠳᠬᠦ ᠶᠢ ᠵᠤᠷᠢᠭᠵᠢᠭᠤᠯᠤᠨ ᠥᠭᠡᠷᠡᠴᠢᠯᠡᠯᠲᠡ ᠶᠢᠨ ᠠᠤᠭ᠎ᠠ ᠬᠦᠴᠦᠨ ᠢ ᠭᠦᠭᠵᠢᠭᠡᠰᠦᠭᠡᠢ
ᠨᠡᠶᠢᠲᠡᠯᠡᠭᠰᠡᠨ ᠴᠠᠭ᠄
2024/8/6
    ᠰᠢᠨ᠎ᠡ ᠶᠢ ᠡᠭᠦᠳᠬᠦ ᠪᠣᠯ ᠥᠭᠡᠷᠡᠴᠢᠯᠡᠯᠲᠡ ᠬᠥᠭᠵᠢᠯᠲᠡ ᠶᠢ ᠬᠦᠳᠦᠯᠦᠨ ᠳᠠᠭᠠᠭᠤᠯᠬᠤ ᠨᠢᠭᠡᠳᠦᠭᠡᠷ ᠬᠥᠳᠡᠯᠭᠡᠭᠴᠢ ᠬᠦᠴᠦᠨ ᠮᠥᠨ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠤᠯᠠᠮ ᠨᠢᠭᠡ ᠠᠯᠬᠤᠮ ᠠᠬᠢᠭᠤᠯᠬᠤ ᠪᠦᠷᠢᠶ᠎ᠡ ᠶᠢ ᠬᠠᠩᠭᠢᠨᠠᠭᠤᠯᠪᠠ᠃ ᠣᠷᠣᠨ ᠳᠠᠶᠠᠭᠠᠷ ᠢᠶᠠᠨ ᠵᠣᠷᠢᠭᠲᠠᠢ ᠬᠢᠵᠦ ᠵᠣᠷᠢᠭᠲᠠᠢ ᠲᠤᠷᠰᠢᠬᠤ ᠡᠷᠴᠢ ᠵᠣᠷᠢᠭ ᠪᠣᠯᠤᠨ ᠰᠥᠰᠥ ᠵᠣᠷᠢᠭ ᠢᠶᠠᠷ ᠰᠢᠨ᠎ᠡ ᠶᠢ ᠡᠭᠦᠳᠬᠦ ᠶᠢ ᠬᠦᠯᠢᠶᠡᠰᠦᠯᠡᠵᠦ ᠪᠠᠶᠢᠭ᠎ᠠ ᠠᠯᠢᠪᠠ ᠦᠵᠡᠯ ᠰᠠᠨᠠᠭᠠᠨ ᠤ ᠬᠠᠷᠰᠢ ᠰᠠᠭᠠᠳ ᠪᠣᠯᠤᠨ ᠲᠦᠷᠢᠮ ᠤᠨ ᠬᠠᠯᠬᠠᠪᠴᠢ ᠶᠢ ᠴᠢᠷᠮᠠᠶᠢᠨ ᠡᠪᠳᠡᠵᠦ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠵᠣᠷᠢᠭᠲᠠᠢ ᠪᠠᠷ ᠰᠢᠨ᠎ᠡ ᠶᠢ ᠡᠭᠦᠳᠴᠦ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠬᠦᠴᠦᠷᠬᠡᠭ ᠶᠡᠭᠡ ᠬᠥᠳᠡᠯᠭᠡᠭᠴᠢ ᠬᠦᠴᠦᠨ ᠬᠠᠩᠭᠠᠬᠤ ᠬᠡᠷᠡᠭᠲᠡᠢ᠃    ᠥᠭᠡᠷᠡᠴᠢᠯᠡᠯᠲᠡ ᠪᠣᠯ ᠮᠥᠨ ᠴᠢᠨᠠᠷ ᠳᠡᠭᠡᠷ᠎ᠡ ᠪᠠᠨ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠶᠠᠪᠤᠳᠠᠯ ᠮᠥᠨ᠃ ᠥᠭᠡᠷᠡᠴᠢᠯᠡᠯᠲᠡ ᠶᠢᠨ ᠬᠦᠨᠵᠡᠭᠡᠶᠢᠷᠡᠬᠦ ᠶᠢ ᠳᠠᠭᠠᠯᠳᠤᠨ ᠰᠢᠢᠳᠪᠦᠷᠢᠯᠡᠬᠦ ᠳᠤ ᠬᠦᠴᠢᠷ ︽ᠪᠡᠷᠬᠡ ᠠᠰᠠᠭᠤᠳᠠᠯ︾ ᠨᠡᠩ ᠤᠯᠠᠨ ᠲᠤᠯᠭᠠᠷᠠᠵᠤ᠂ ᠵᠢᠷᠤᠮᠯᠠᠵᠤ ᠪᠣᠯᠬᠤᠶᠢᠴᠠ ᠲᠤᠷᠰᠢᠯᠭ᠎ᠠ᠂ ᠵᠠᠭᠪᠤᠷ ᠪᠠᠰᠠ ᠶᠠᠪᠤᠬᠤ ᠳᠤᠳᠤᠮ ᠴᠥᠭᠡᠷᠡᠵᠦ ᠪᠠᠶᠢᠨ᠎ᠠ᠃ ᠥᠭᠡᠷᠡᠴᠢᠯᠡᠯᠲᠡ ᠶᠢᠨ ᠳᠤᠮᠳᠠ ᠭᠠᠷᠤᠭᠰᠠᠨ ᠰᠢᠨ᠎ᠡ ᠪᠠᠶᠢᠳᠠᠯ᠂ ᠰᠢᠨ᠎ᠡ ᠠᠰᠠᠭᠤᠳᠠᠯ᠂ ᠬᠠᠭᠤᠴᠢᠨ ᠲᠤᠷᠰᠢᠯᠭ᠎ᠠ᠂ ᠬᠠᠭᠤᠴᠢᠨ ᠠᠷᠭ᠎ᠠ ᠶᠢ ᠠᠷᠭᠠᠴᠠᠭᠠᠬᠤ ᠳᠤ ᠶᠡᠷᠦ ᠨᠢ ᠪᠡᠷᠬᠡ ᠪᠠᠶᠢᠵᠤ᠂ ᠰᠢᠢᠳᠪᠦᠷᠢᠯᠡᠬᠦ ᠶᠢᠨ ᠠᠷᠭ᠎ᠠ ᠦᠭᠡᠢ ᠪᠠᠶᠢᠳᠠᠭ᠂ ᠡᠶᠢᠮᠦ ᠠᠴᠠ ᠡᠷᠬᠡᠪᠰᠢ ᠲᠦᠭᠵᠢᠮᠡᠯ ᠬᠡᠪᠰᠢᠮᠡᠯ ᠦᠵᠡᠯᠲᠡ ᠪᠠᠨ ᠲᠦᠷᠭᠡᠪᠴᠢᠯᠡᠨ ᠬᠤᠪᠢᠷᠠᠭᠤᠯᠵᠤ᠂ ᠬᠡᠪᠰᠢᠯ ᠵᠤᠷᠰᠢᠯ ᠠᠴᠠ ᠮᠤᠯᠲᠤᠷᠠᠨ ᠵᠣᠷᠢᠭᠲᠠᠢ ᠪᠠᠷ ᠲᠤᠷᠰᠢᠵᠤ᠂ ᠵᠣᠷᠢᠭᠲᠠᠢ ᠪᠠᠷ ᠬᠢᠬᠦ ᠬᠡᠷᠡᠭᠲᠡᠢ᠃ ᠵᠤᠷᠰᠢᠯᠳᠦ ᠰᠡᠳᠭᠢᠬᠦᠢ ᠶᠢ ᠡᠪᠳᠡᠵᠦ᠂ ᠦᠵᠡᠯ ᠰᠠᠨᠠᠭᠠᠨ ᠤ ᠬᠦᠯᠢᠶᠡᠰᠦ ᠠᠴᠠ ᠮᠤᠯᠲᠤᠷᠠᠵᠤ᠂ ᠠᠰᠠᠭᠤᠳᠠᠯ ᠢ ᠲᠠᠭᠠᠵᠤ᠂ ᠠᠰᠠᠭᠤᠳᠠᠯ ᠳᠤ ᠬᠠᠨᠳᠤᠵᠤ᠂ ᠬᠤᠪᠢᠷᠠᠯᠲᠠ ᠶᠢ ᠣᠨᠣᠪᠴᠢᠲᠠᠢ ᠲᠠᠨᠢᠵᠤ᠂ ᠰᠢᠨᠵᠢᠯᠡᠬᠦ ᠤᠬᠠᠭᠠᠨᠴᠢ ᠪᠠᠷ ᠬᠤᠪᠢᠷᠠᠯᠲᠠ ᠶᠢ ᠠᠷᠭᠠᠴᠠᠭᠠᠵᠤ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠵᠦ᠂ ᠰᠢᠨ᠎ᠡ ᠠᠷᠭ᠎ᠠ ᠵᠠᠮ᠂ ᠰᠢᠨ᠎ᠡ ᠭᠠᠷᠬᠤ ᠵᠠᠮ ᠢ ᠴᠢᠷᠮᠠᠶᠢᠨ ᠡᠷᠢᠯᠬᠢᠯᠡᠬᠦ ᠬᠡᠷᠡᠭᠲᠡᠢ᠃ ᠪᠤᠯᠤᠨ᠎ᠠ ᠬᠡᠵᠤ ᠪᠤᠳᠤᠬᠰᠠᠨ ᠪᠣᠯᠪᠠᠴᠤ ᠲᠦᠷ ᠴᠠᠭ ᠪᠠᠲᠤᠯᠠᠭ᠎ᠠ ᠦᠭᠡᠶ ᠵᠦᠯ ᠳᠤ ᠪᠣᠯ ᠢᠳᠡᠪᠬᠢᠲᠡᠶ ᠪᠠᠷ ᠲᠤᠷᠰᠢᠯᠲᠠ ᠬᠢᠵᠤ᠂ ᠦᠢᠯᠡᠳᠦᠯᠭᠡ ᠶᠢᠨ ᠲᠤᠷᠰᠢᠯᠭ᠎ᠠ ᠣᠯᠤᠭᠰᠠᠨ ᠤ ᠳᠠᠷᠠᠭ᠎ᠠ ᠳᠠᠷᠦ᠋ᠢᠬᠠᠨ ᠳᠡᠯᠭᠡᠷᠡᠭᠦᠯᠬᠦ ᠬᠡᠷᠡᠭᠲᠡᠶ᠃ ᠰᠢᠨ᠎ᠡ ᠬᠦᠷᠢᠶ᠎ᠡ ᠰᠢᠨ᠎ᠡ ᠦᠢᠯᠡᠳᠦᠯᠭᠡ ᠳᠤ ᠲᠤᠯᠭᠠᠷᠠᠭᠰᠠᠨ ᠰᠢᠨ᠎ᠡ ᠠᠰᠠᠭᠤᠳᠠᠯ ᠳᠤ ᠦᠨᠳᠦᠰᠦᠨ ᠱᠠᠳᠤ ᠪᠣᠯᠤᠨ ᠤᠯᠠᠨ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠢᠴᠡᠳ ᠬᠦᠨᠳᠦᠳᠭᠡᠵᠦ᠂ ᠠᠮᠵᠢᠯᠲᠠ ᠲᠠᠢ ᠲᠤᠷᠰᠢᠯᠭ᠎ᠠ ᠶᠢ ᠴᠠᠭ ᠲᠤᠬᠠᠢ ᠳᠤᠨᠢ ᠲᠡᠷᠡ ᠳᠠᠷᠤᠢ ᠳᠤᠨᠢ ᠬᠠᠭᠤᠯᠪᠤᠷᠢᠯᠠᠨ ᠳᠡᠯᠭᠡᠷᠡᠭᠦᠯᠬᠦ ᠬᠡᠷᠡᠭᠲᠡᠢ᠃    ᠨᠡᠶᠢᠭᠡᠮ ᠳᠠᠶᠠᠭᠠᠷ ᠲᠤ ᠰᠢᠨ᠎ᠡ ᠶᠢ ᠡᠭᠦᠳᠬᠦ ᠶᠢ ᠵᠣᠷᠢᠭᠵᠢᠭᠤᠯᠬᠤ᠂ ᠳᠡᠮᠵᠢᠬᠦ᠂ ᠲᠡᠭᠦᠨ ᠳᠤ ᠣᠷᠣᠯᠴᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠪᠠᠯ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠰᠠᠶ᠋ᠢ ᠭᠦᠢᠴᠡᠳ ᠣᠷᠭᠢᠯᠵᠤ ᠴᠢᠳᠠᠨ᠎ᠠ᠃ ᠰᠦᠪᠡᠭᠴᠢᠯᠡᠵᠦ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠳᠤ ᠡᠷᠬᠡᠪᠰᠢ ᠡᠯ᠎ᠡ ᠲᠠᠯ᠎ᠠ ᠶᠢᠨ ᠬᠢᠨ ᠤ ᠵᠣᠷᠢᠭᠲᠠᠢ ᠪᠠᠷ ᠠᠵᠢᠯ ᠬᠢᠵᠦ ᠦᠢᠯᠡᠰ ᠪᠤᠰᠬᠠᠬᠤ ᠶᠢ ᠳᠡᠮᠵᠢᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠰᠢᠨ᠎ᠡ ᠶᠢ ᠡᠭᠦᠳᠬᠦ ᠰᠣᠶᠣᠯ ᠢ ᠶᠡᠭᠡ ᠪᠠᠷ ᠪᠤᠶᠢᠵᠢᠭᠤᠯᠵᠤ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠬᠤ ᠬᠡᠷᠡᠭᠲᠡᠢ᠃ ᠵᠣᠷᠢᠭᠲᠠᠢ ᠰᠦᠪᠡᠭᠴᠢᠯᠡᠬᠦ᠂ ᠵᠣᠷᠢᠭᠲᠠᠢ ᠬᠢᠵᠦ ᠵᠣᠷᠢᠭᠲᠠᠢ ᠲᠤᠷᠰᠢᠬᠤ ᠶᠢ ᠵᠣᠷᠢᠭᠵᠢᠭᠤᠯᠬᠤ ᠳᠤ ᠵᠣᠬᠢᠬᠤ ᠠᠯᠳᠠᠭ᠎ᠠ ᠶᠢ ᠪᠠᠭᠳᠠᠭᠠᠬᠤ ᠣᠷᠣᠨ ᠵᠠᠢ ᠥᠭᠴᠦ᠂ ᠺᠠᠳ᠋ᠷ ᠤᠨ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠦᠵᠡᠯ ᠰᠠᠨᠠᠭᠠᠨ ᠤ ᠡᠷᠡᠭᠡᠯᠵᠡᠯ ᠢ ᠠᠷᠢᠯᠭᠠᠬᠤ ᠬᠡᠷᠡᠭᠲᠡᠢ᠃ ᠥᠭᠡᠷᠡᠴᠢᠯᠡᠯᠲᠡ ᠬᠢᠭᠰᠡᠳ ᠲᠤ ᠬᠠᠷᠢᠭᠤᠴᠠᠬᠤ᠂ ᠠᠵᠢᠯ ᠬᠢᠭᠰᠡᠳ ᠲᠤ ᠡᠭᠦᠷᠭᠡᠯᠡᠬᠦ ᠲᠦᠷᠢᠮ ᠤᠨ ᠪᠠᠲᠤᠯᠠᠭ᠎ᠠ ᠶᠢ ᠲᠡᠭᠦᠯᠳᠡᠷᠵᠢᠭᠦᠯᠵᠦ᠂ ᠺᠠᠳ᠋ᠷᠴᠤᠳ ᠢ ᠢᠯᠡᠭᠦᠬᠡᠨ ᠲᠡᠮᠵᠢᠵᠦ᠂ ᠳᠤᠲᠠᠭᠤ ᠬᠤᠷᠢᠭᠯᠠᠵᠤ᠂ ᠤᠯᠠᠨ ᠤ ᠠᠭᠤᠯᠠ ᠲᠠᠭᠠᠷᠠᠪᠠᠯ ᠵᠠᠮ ᠨᠡᠭᠡᠭᠡᠵᠦ᠂ ᠤᠰᠤ ᠲᠠᠭᠠᠷᠠᠪᠠᠯ ᠬᠥᠭᠦᠷᠭᠡ ᠲᠠᠯᠪᠢᠵᠤ᠂ ᠴᠤᠴᠠᠯᠲᠠ ᠦᠭᠡᠢ ᠤᠷᠤᠭᠰᠢᠯᠠᠬᠤ ᠶᠢ ᠵᠣᠷᠢᠭᠵᠢᠭᠤᠯᠬᠤ ᠬᠡᠷᠡᠭᠲᠡᠢ᠃ ᠰᠦᠪᠡᠭᠴᠢᠯᠡᠯᠳᠡ ᠬᠢᠭᠰᠡᠨ ᠠᠴᠠ ᠪᠣᠯᠤᠭᠰᠠᠨ ᠠᠯᠳᠠᠬᠳᠠᠯ ᠢ ᠠᠭᠤᠴᠢᠯᠠᠬᠤ ᠶᠤᠰᠤᠲᠠᠢ ᠶᠢ ᠨᠢ ᠵᠠᠪᠠᠯ ᠠᠭᠤᠴᠢᠯᠠᠵᠤ᠂ ᠪᠠᠭᠳᠠᠭᠠᠵᠤ ᠪᠤᠯᠬᠤ ᠶᠢ ᠨᠢ ᠪᠦᠬᠦᠨ ᠢ ᠪᠠᠭᠳᠠᠭᠠᠵᠤ᠂ ᠬᠥᠮᠦᠨ ᠨᠢᠭᠡ ᠪᠦᠷᠢ ᠶᠢᠨ ᠢᠳᠡᠪᠬᠢᠵᠢᠯ ᠢ ᠲᠠᠶᠢᠴᠢᠯᠠᠵᠤ᠂ ᠤᠯᠠᠨ ᠢᠶᠠᠷ ᠢᠶᠠᠨ ᠬᠠᠮᠲᠤ ᠪᠠᠷ ᠭᠠᠪᠰᠢᠭᠠᠶᠢᠯᠠᠨ ᠠᠵᠢᠯᠯᠠᠬᠤ ᠪᠠᠶᠢᠳᠠᠯ ᠢ ᠪᠤᠢ ᠪᠣᠯᠭᠠᠬᠤ ᠬᠡᠷᠡᠭᠲᠡᠢ᠃    ᠰᠢᠨ᠎ᠡ ᠶᠢ ᠡᠭᠦᠳᠦᠭᠴᠢ ᠯᠡ ᠰᠠᠶ᠋ᠢ ᠳᠠᠪᠰᠢᠵᠤ᠂ ᠰᠢᠨ᠎ᠡ ᠶᠢ ᠡᠭᠦᠳᠦᠭᠴᠢ ᠯᠡ ᠰᠠᠶ᠋ᠢ ᠬᠦᠴᠦᠷᠬᠡᠭᠵᠢᠵᠦ᠂ ᠰᠢᠨ᠎ᠡ ᠶᠢ ᠡᠭᠦᠳᠦᠭᠴᠢ ᠯᠡ ᠰᠠᠶ᠋ᠢ ᠢᠯᠠᠵᠤ ᠴᠢᠳᠠᠨ᠎ᠠ᠃ ᠰᠢᠨ᠎ᠠ ᠶᠢ ᠡᠭᠦᠳᠴᠦ ᠡᠭᠦᠳᠦᠨ ᠪᠦᠲᠦᠭᠡᠬᠦ ︽ᠵᠢᠯᠣᠭᠤ︾ ᠶᠢ ᠴᠢᠩᠭ᠎ᠠ ᠠᠳᠬᠤᠵᠤ᠂ ᠰᠢᠨ᠎ᠡ ᠬᠤᠪᠢᠷᠠᠯᠲᠠ ᠶᠢ ᠡᠷᠢᠯᠬᠢᠯᠡᠬᠦ ︽ᠠᠰᠢᠭᠳᠠᠢ ᠰᠢᠳᠠᠷ᠎ᠠ︾ ᠶᠢ ᠰᠠᠶᠢᠲᠤᠷ ᠲᠠᠯᠪᠢᠵᠤ᠂ ᠥᠭᠡᠷᠡᠴᠢᠯᠡᠯᠲᠡ ᠬᠥᠭᠵᠢᠯᠲᠡ ᠶᠢᠨ ᠵᠠᠮ ᠢᠶᠠᠷ ᠡᠷᠡᠯᠬᠡᠭᠯᠡᠨ ᠤᠷᠤᠭᠰᠢᠯᠠᠵᠤ᠂ ᠴᠤᠴᠠᠯᠲᠠ ᠦᠭᠡᠢ ᠤᠷᠤᠭᠰᠢᠯᠠᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠪᠤᠢ ᠪᠣᠯᠭᠠᠪᠠᠯ ᠪᠢᠳᠡ ᠯᠠᠪᠲᠠᠢ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠲᠠᠰᠤᠷᠠᠯᠲᠠ ᠦᠭᠡᠢ ᠰᠢᠨ᠎ᠡ ᠣᠷᠣᠨ ᠵᠠᠢ ᠶᠢ ᠨᠡᠭᠡᠭᠡᠵᠦ᠂ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠠᠶᠠᠨ ᠳᠤ ᠨᠡᠩ ᠶᠡᠭᠡ ᠰᠢᠨ᠎ᠡ ᠭᠠᠶᠢᠬᠠᠮᠰᠢᠭ ᠢ ᠡᠭᠦᠳᠴᠦ ᠴᠢᠳᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号