ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠪᠠ
ᠨᠡᠶᠢᠲᠡᠯᠡᠭᠰᠡᠨ ᠴᠠᠭ᠄
2024/8/7
   ᠮᠠᠨ ᠤ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠤᠷᠤᠯᠴᠠᠯᠭ᠎ᠠ ᠶᠢᠨ ᠭᠤᠣᠯᠳᠠᠯᠭ᠎ᠠ ᠶᠢ ᠠᠳᠬᠤᠵᠤ᠂ ᠰᠤᠷᠤᠯᠴᠠᠬᠤ ᠬᠡᠯᠪᠡᠷᠢ ᠪᠠᠨ ᠪᠠᠶᠠᠯᠢᠭᠵᠢᠭᠤᠯᠵᠤ᠂ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠠᠷᠠᠯᠲᠠ ᠲᠠᠢ ᠪᠠᠷ ᠴᠡᠭᠴᠡᠯᠡᠨ ᠵᠠᠰᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠦᠳᠦᠯᠥᠨ ᠳᠠᠭᠠᠭᠤᠯᠵᠤ ᠪᠠᠶᠢᠭᠠᠳ ᠨᠠᠮᠴᠢ ᠴᠢᠨᠠᠷ ᠢᠶᠠᠨ ᠴᠢᠩᠭᠠᠳᠬᠠᠬᠤ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ᠂ ᠰᠤᠷᠲᠠᠯ ᠢᠶᠠᠨ ᠬᠠᠲᠠᠭᠤᠵᠢᠭᠤᠯᠬᠤ ᠶᠢ ᠤᠶᠠᠯᠳᠤᠭᠤᠯᠵᠤ᠂ ᠲᠦᠷᠢᠮ ᠲᠣᠭᠲᠠᠭᠠᠯ ᠢ ᠵᠢᠷᠤᠮᠯᠠᠬᠤ ᠰᠠᠬᠢᠯᠭ᠎ᠠ ᠪᠠᠲᠤ ᠶᠢ ᠰᠠᠬᠢᠬᠤ ᠤᠷᠢᠲᠠᠯ ᠳᠣᠣᠷ᠎ᠠ ᠵᠣᠷᠢᠭᠲᠠᠢ ᠠᠵᠢᠯᠯᠠᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ ᠪᠤᠢ᠃   ᠠᠯᠠᠱᠠ ᠠᠶᠢᠮᠠᠭ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠣᠭᠴᠠᠵᠢᠭᠤᠯᠤᠨ ᠠᠬᠢᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠲᠥᠰᠦᠯ ᠢ ᠲᠣᠭᠲᠠᠭᠠᠵᠤ᠂ ᠡᠯ᠎ᠡ ᠬᠤᠰᠢᠭᠤ ᠲᠣᠭᠤᠷᠢᠭ ᠲᠤ ᠲᠣᠰ ᠲᠣᠰ 1 ᠠᠴᠠ 2 ᠰᠤᠮᠤ ᠪᠠᠯᠭᠠᠰᠤ ᠪᠤᠶᠤ ᠭᠠᠴᠠᠭ᠎ᠠ ᠲᠣᠰᠬᠤᠨ ᠳᠤ ᠭᠤᠷᠪᠠᠨ ᠵᠦᠢᠯ ᠤᠨ ᠠᠵᠢᠯ ᠤᠨ ᠦᠨᠳᠦᠰᠦᠨ ᠱᠠᠲᠤᠨ ᠤ ᠠᠵᠢᠭᠯᠠᠯᠲᠠ ᠶᠢᠨ ᠴᠡᠭ ᠭᠠᠷᠭᠠᠵᠤ᠂ ᠦᠨᠳᠦᠰᠦᠨ ᠱᠠᠲᠤᠨ ᠤ ᠲᠤᠰᠬᠠᠯ ᠲᠣᠪᠤᠶᠢᠮ᠎ᠠ ᠠᠰᠠᠭᠤᠳᠠᠯ ᠢ ᠴᠤᠭᠯᠠᠭᠤᠯᠵᠠᠢ᠃ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ ᠬᠦᠷᠦᠯᠴᠡᠬᠦ ᠥᠬᠡᠶ 30 ᠠᠰᠠᠭᠤᠳᠠᠯ ᠢ ᠵᠠᠷᠯᠠᠨ ᠨᠡᠶᠢᠲᠡᠯᠡᠵᠦ᠂ ᠠᠶᠢᠮᠠᠭ ᠤᠨ ᠲᠠᠰ ᠳᠠᠪᠬᠤᠷᠭ᠎ᠠ ᠶᠢᠨ ᠱᠠᠯᠠᠪᠲᠠᠭᠤᠯᠤᠨ ᠪᠠᠶᠢᠴᠠᠭᠠᠵᠤ ᠬᠢᠨᠠᠨ ᠰᠢᠯᠭᠠᠬᠤ ᠵᠦᠢᠯᠡᠰ ᠢ 29 ᠪᠣᠯᠭᠠᠨ ᠴᠣᠮᠬᠠᠳᠬᠠᠵᠤ᠂ ᠬᠤᠰᠢᠭᠤ ᠲᠣᠭᠤᠷᠢᠭ ᠤᠨ ᠲᠠᠰ ᠢ ᠨᠢᠭᠡᠳᠦᠯᠲᠡᠶ 10 ᠪᠣᠯᠭᠠᠨ ᠴᠣᠮᠬᠠᠳᠬᠠᠵᠤ᠂ ᠠᠶᠢᠮᠠᠭ ᠬᠤᠰᠢᠭᠤ ᠬᠤᠶᠠᠷ ᠱᠠᠲᠤᠨ ᠤ ᠠᠵᠢᠯ ᠤᠨ ᠲᠤᠰᠬᠠᠶ ᠠᠩᠭᠢ ᠶᠢ 43 ᠬᠠᠰᠤᠵᠤ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ 1588 ᠫᠠᠶᠢᠰᠠ ᠲᠡᠮᠳᠡᠭ ᠢ ᠢᠯᠭᠠᠷᠠᠭᠤᠯᠵᠤ᠂ ᠭᠡᠷᠡᠴᠢᠯᠡᠬᠦ ᠵᠦᠢᠯᠡᠰ ᠢ 44 ᠵᠦᠢᠯ ᠪᠣᠯᠭᠠᠪᠠ᠃ ᠢᠯᠠᠩᠭᠤᠶ᠎ᠠ ᠶᠡᠬᠡᠬᠡᠨ ᠬᠦᠴᠦ ᠣᠷᠣᠭᠤᠯᠵᠤ ᠪᠠᠶᠢᠭᠠᠳ ᠣᠷᠣᠨ ᠰᠠᠭᠤᠴᠠ ᠶᠢᠨ ᠦᠨᠡᠮᠯᠡᠯ ᠭᠦᠢᠴᠡᠳᠭᠡᠬᠦ ᠳᠤ ᠬᠦᠴᠢᠷᠲᠡᠶ ᠪᠠᠶᠢᠬᠤ᠂ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠵᠡᠷᠭᠡ ᠨᠢᠭᠡ ᠪᠦᠯᠦᠭ ᠣᠯᠠᠨ ᠲᠦᠮᠡᠨ ᠤ ᠠᠩᠬᠠᠷᠤᠯ ᠬᠠᠯᠠᠮᠰᠢᠯ ᠪᠤᠯᠵᠤ ᠪᠠᠶᠢᠭ᠎ᠠ ᠪᠣᠳᠠᠲᠠᠶ ᠠᠰᠠᠭᠤᠳᠠᠯ ᠢ ᠰᠢᠢᠳᠪᠦᠷᠢᠯᠡᠵᠦ᠂ ᠪᠥᠬᠦ ᠠᠶᠢᠮᠠᠭ ᠤᠨ 7649 ᠢᠵᠢ ᠦᠨᠡᠮᠯᠡᠯ ᠭᠦᠢᠴᠡᠳᠭᠡᠬᠦ ᠳᠤ ᠬᠦᠴᠢᠷᠲᠡᠶ ᠪᠠᠶᠢᠬᠤ ᠠᠰᠠᠭᠤᠳᠠᠯ ᠳᠤ ᠬᠤᠯᠪᠣᠭᠳᠠᠭᠰᠠᠨ ᠣᠷᠣᠨ ᠰᠠᠭᠤᠴᠠ ᠶᠢ ᠨᠢᠭᠡᠨᠲᠡ 5586 ᠢᠵᠢ ᠳᠡᠩᠰᠡᠯᠡᠠ ᠳᠠᠭᠤᠰᠬᠠᠵᠤ᠂ 7 ᠳᠤᠮᠳᠠᠳᠤ ᠪᠠᠭ᠎ᠠ ᠰᠤᠷᠭᠠᠭᠤᠯᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ 15 ᠪᠠᠷᠢᠯᠭ᠎ᠠ ᠶᠢ ᠨᠢᠭᠡᠨᠲᠡ ᠨᠢᠭᠡᠳ ᠨᠢᠭᠡ ᠪᠠᠷ ᠴᠡᠭᠴᠡᠯᠡᠨ ᠵᠠᠰᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠬᠦᠯᠵᠦ᠂ ᠬᠠᠨᠤᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠠᠢ᠃    ᠬᠢᠩᠭᠠᠨ ᠠᠶᠢᠮᠠᠭ ᠤᠨ ᠤᠯᠠᠭᠠᠨᠬᠤᠲᠠ ︽ᠲᠠᠪᠤ ᠶᠢ ᠰᠤᠷᠤᠯᠴᠠᠨ ᠬᠤᠯᠪᠣᠭᠠᠯᠠᠨ ᠬᠥᠳᠡᠯᠦᠯᠴᠡᠬᠦ︾ ᠪᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃ ᠨᠣᠮ ᠤᠩᠰᠢᠬᠤ ᠠᠩᠭᠢ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ᠂ ᠭᠤᠣᠯ ᠰᠡᠳᠦᠪᠲᠦ ᠨᠠᠮ ᠤᠨ ᠡᠳᠦᠷᠯᠢᠭ ᠵᠡᠷᠭᠡ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠲᠤ ᠰᠠᠬᠢᠯᠭ᠎ᠠ ᠪᠠᠲᠤ ᠶᠢ ᠲᠡᠷᠡ ᠬᠡᠪ ᠢᠶᠠᠷ ᠨᠢ ᠰᠤᠷᠤᠯᠴᠠᠭᠤᠯᠵᠤ᠂ ᠳᠦᠷᠢᠮ ᠵᠤᠷᠪᠤᠰ ᠳᠠᠷᠠᠭᠠᠯᠠᠨ ᠰᠠᠬᠢᠯᠭ᠎ᠠ ᠪᠠᠲᠤ ᠶᠢ ᠮᠡᠳᠡᠭᠦᠯᠵᠦ᠂ ᠰᠠᠬᠢᠯᠭ᠎ᠠ ᠪᠠᠲᠤ ᠶᠢ ᠭᠦᠨᠵᠡᠭᠡᠢ ᠰᠤᠷᠤᠯᠴᠠᠭᠤᠯᠤᠨ ᠤᠢᠢᠯᠠᠭᠠᠭᠤᠯᠵᠤ᠂ ᠰᠠᠬᠢᠯᠭ᠎ᠠ ᠪᠠᠲᠤ ᠶᠢ ᠦᠨᠡᠨ ᠬᠦ ᠰᠠᠬᠢᠬᠤ ᠪᠣᠯᠭᠠᠵᠠᠢ᠃ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠢ ᠲᠣᠭᠤᠷᠢᠨ ᠦᠵᠡᠭᠦᠯᠵᠦ᠂ ᠳᠡᠷᠭᠡᠳᠡᠬᠢ ᠤᠴᠢᠷ ᠶᠠᠪᠤᠳᠠᠯ ᠢᠶᠠᠷ ᠳᠡᠷᠭᠡᠳᠡᠬᠢ ᠬᠥᠮᠦᠰ ᠢ ᠰᠡᠷᠡᠮᠵᠢᠯᠡᠭᠦᠯᠪᠡ᠃ ᠰᠤᠳᠤᠯᠤᠨ ᠶᠠᠷᠢᠯᠴᠠᠵᠤ ᠰᠣᠯᠢᠯᠴᠠᠬᠤ᠂ ᠨᠠᠰᠤ ᠠᠬᠠᠰᠢᠷᠠᠬᠰᠠᠨ ᠪᠡᠶ᠎ᠡ ᠪᠠᠷᠤᠬᠳᠠᠢ ᠨᠠᠮ ᠤᠨ ᠭᠡᠰᠢᠭᠦᠨ ᠢ ︽ᠬᠡᠷ ᠲᠤᠨᠢ ᠬᠦᠷᠴᠤ ᠰᠤᠷᠤᠯᠴᠠᠯᠭ᠎ᠠ ᠬᠦᠷᠭᠡᠬᠦ︾ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠣᠯᠢᠯᠴᠠᠭ᠎ᠠ ᠪᠠᠷ ᠰᠤᠷᠤᠯᠴᠠᠯᠭ᠎ᠠ ᠶᠢ ᠠᠬᠢᠭᠤᠯᠵᠤ᠂ ᠰᠤᠷᠤᠯᠴᠠᠯᠭ᠎ᠠ ᠪᠠᠷ ᠰᠠᠬᠢᠯᠭ᠎ᠠ ᠪᠠᠲᠤ ᠶᠢ ᠰᠤᠷᠤᠯᠴᠠᠬᠤ ᠶᠢ ᠠᠬᠢᠭᠤᠯᠪᠠ᠃ ᠰᠠᠯᠠᠭ᠎ᠠ ᠮᠥᠴᠢᠷ ᠡᠯ᠎ᠡ ᠨᠢᠭᠡᠴᠢ ᠶᠢᠨ ᠺᠠᠳ᠋ᠷ ᠤᠨ ᠲᠠᠰ ᠳᠠᠪᠬᠤᠷᠭ᠎ᠠ᠂ ᠠᠵᠢᠯ ᠤᠨ ᠪᠠᠶᠢᠷᠢ ᠶᠢᠨ ᠲᠥᠷᠥᠯ ᠢᠯᠭᠠᠯ ᠵᠡᠷᠭᠡ ᠠᠳᠠᠯᠢ ᠪᠤᠰᠤ ᠡᠲᠡᠭᠡᠳ ᠪᠠ ᠠᠵᠢᠯ ᠲᠥᠷᠥᠯ ᠤᠨ ᠣᠨᠴᠠᠯᠢᠭ ᠢ ᠦᠨᠳᠦᠰᠦᠯᠡᠨ᠂ ᠠᠵᠢᠯ ᠤᠨ ᠪᠠᠶᠢᠷᠢ ᠶᠢᠨ ᠠᠶᠤᠯ ᠲᠦᠭᠰᠢᠭᠦᠷᠢ ᠶᠢᠨ ᠴᠡᠭ ᠶᠣᠰᠣᠭᠠᠷ ᠰᠤᠷᠤᠯᠴᠠᠯᠭ᠎ᠠ ᠶᠢᠨ ᠲᠠᠯ᠎ᠠ ᠶᠢᠨ ᠭᠤᠤᠯᠳᠠᠯᠭ᠎ᠠ ᠶᠢ ᠲᠣᠳᠣᠷᠬᠠᠶᠢᠯᠠᠵᠤ᠂ ᠰᠦᠯᠵᠢᠶᠡᠨ ᠳᠡᠭᠡᠷ᠎ᠡ ᠪᠠ ᠪᠤᠳᠠᠳᠦ ᠴᠤᠬᠴᠠ ᠶᠢᠨ ᠰᠤᠷᠤᠯᠴᠠᠯᠭ᠎ᠠ ᠬᠦᠷᠭᠡᠬᠦ᠂ ᠬᠤᠤᠰᠯᠠᠯ ᠪᠣᠯᠵᠣ ᠰᠤᠷᠤᠯᠴᠠᠯᠭ᠎ᠠ ᠬᠦᠷᠭᠡᠵᠦ ᠬᠠᠪᠰᠤᠷᠤᠨ ᠰᠤᠷᠤᠯᠴᠠᠬᠤ ᠵᠡᠷᠭᠡ ᠠᠷᠭ᠎ᠠ ᠮᠠᠶ᠋ᠢᠭ ᠢ ᠠᠪᠴᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠤᠨ ᠵᠣᠷᠢᠭ ᠰᠠᠨᠠᠭ᠎ᠠ ᠶᠢ ᠨᠠᠮ ᠤᠨ ᠭᠡᠰᠢᠭᠦᠨ ᠤ ᠳᠡᠷᠭᠡᠳᠡ ᠬᠦᠷᠭᠡᠪᠡ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠵᠡᠷᠭᠡ ᠪᠠᠷ ᠳᠠᠮᠵᠢᠭᠤᠯᠤᠨ᠂ ︽ᠨᠠᠮ ᠤᠨ ᠰᠤᠷᠭᠠᠭᠤᠯᠢ ᠶᠢᠨ ᠡᠭᠦᠯᠡᠨ ᠶᠠᠷᠢᠶᠠᠨ ᠤ ᠲᠠᠩᠬᠢᠮ︾ ᠲᠠᠢ ᠤᠶᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠭᠤᠤᠯᠯᠠᠭᠴᠢ ᠪᠠᠭᠰᠢ ᠶᠢ ᠤᠷᠢᠵᠤ ︽ᠲᠦᠷᠢᠮ︾ ᠤᠨ ᠵᠣᠷᠢᠭ ᠰᠠᠨᠠᠭ᠎ᠠ ᠶᠢ ᠭᠦᠨᠵᠡᠭᠡᠶ ᠲᠠᠶᠢᠯᠤᠮᠵᠢ ᠬᠢᠯᠭᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠦᠬᠦᠨ ᠢ ᠪᠦᠷᠬᠦᠭᠦᠯᠬᠦ ᠶᠢ ᠠᠬᠢᠭᠤᠯᠪᠠ᠃    ᠲᠦᠩᠯᠢᠶᠣᠤ ᠬᠤᠲᠠ ᠶᠢᠨ ᠨᠠᠢᠮᠠᠨ ᠬᠤᠰᠢᠭᠤ ᠳᠡᠭᠡᠷ᠎ᠡ ᠱᠠᠲᠤ ᠨᠢ ᠳᠤᠤᠷ᠎ᠠ ᠱᠠᠲᠤ ᠪᠠᠨ ᠳᠠᠭᠠᠭᠤᠯᠤᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ ᠲᠥᠪᠯᠡᠷᠡᠭᠦᠯᠦᠨ ᠰᠤᠷᠤᠯᠴᠠᠬᠤ᠂ ᠰᠢᠯᠢᠳᠡᠭ ᠨᠠᠮ ᠤᠨ ᠬᠢᠴᠢᠶᠡᠯ ᠨᠢ ᠭᠤᠤᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦᠨ ᠭᠦᠨᠵᠡᠭᠡᠶ ᠰᠤᠷᠤᠯᠴᠠᠬᠤ᠂ ᠬᠡᠷᠡᠭ ᠢᠶᠠᠷ ᠰᠠᠬᠢᠯᠭ᠎ᠠ ᠪᠠᠳᠤ ᠶᠢ ᠲᠤᠳᠤᠷᠬᠠᠶᠢᠯᠠᠵᠤ ᠬᠠᠷᠠᠯᠲᠠ ᠪᠠᠷ ᠪᠠᠶᠢᠷᠢ ᠲᠣᠭᠲᠠᠭᠠᠨ ᠦᠢᠯᠡᠳᠦᠯᠭᠡᠵᠢᠭᠦᠯᠦᠨ ᠰᠤᠷᠤᠯᠴᠠᠬᠤ᠂ ᠣᠯᠠᠨ ᠡᠰᠢᠵᠢᠭᠰᠡᠨ ᠵᠢᠭᠰᠠᠭᠠᠯ ᠤᠨ ᠭᠠᠵᠠᠷ ᠢ ᠠᠭᠤᠰᠤᠯᠴᠠᠭᠤᠯᠤᠨ ᠨᠡᠪᠲᠡᠷᠡᠭᠦᠯᠵᠦ ᠴᠠᠭ ᠲᠤᠬᠠᠶ ᠳᠤᠨᠢ ᠰᠤᠷᠤᠯᠴᠠᠬᠤ ᠪᠠᠷ ᠲᠠᠮᠵᠢᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠪᠥᠬᠦ ᠲᠠᠯ᠎ᠠ ᠪᠠᠷ ᠪᠦᠬᠦᠨ ᠢ ᠪᠦᠷᠬᠦᠭᠦᠯᠬᠦ ᠶᠢ ᠠᠬᠢᠭᠤᠯᠪᠠ᠃ ᠬᠤᠰᠢᠭᠤᠨ ᠤ ᠨᠠᠮ ᠤᠨ ᠬᠤᠷᠢᠶ᠎ᠠ ᠲᠤᠰᠬᠠᠶ ᠰᠡᠳᠦᠪᠲᠦ ᠨᠣᠮ ᠤᠩᠰᠢᠬᠤ ᠠᠩᠭᠢ᠂ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠤᠷᠠᠯ ᠵᠡᠷᠭᠡ ᠪᠠᠷ ᠳᠠᠮᠵᠢᠨ᠂ ᠤᠷᠢᠤᠨ ᠢᠶᠠᠷ ᠰᠤᠷᠤᠯᠴᠠᠵᠤ᠂ ᠭᠦᠨᠵᠡᠭᠡᠶ ᠰᠤᠷᠤᠯᠴᠠᠪᠠ᠃ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠠᠮᠲᠤ ᠪᠠᠷ ᠰᠤᠷᠤᠯᠴᠠᠬᠤ᠂ ᠬᠤᠪᠢ ᠬᠥᠮᠦᠨ ᠥᠪᠡᠷ ᠢᠶᠠᠨ ᠰᠤᠷᠤᠯᠴᠠᠬᠤ᠂ ᠰᠣᠯᠢᠯᠴᠠᠭ᠎ᠠ ᠬᠢᠵᠦ ᠰᠤᠳᠤᠯᠤᠨ ᠰᠤᠷᠤᠯᠴᠠᠬᠤ ᠵᠡᠷᠭᠡ ᠠᠷᠭ᠎ᠠ ᠬᠡᠯᠪᠡᠷᠢ ᠪᠠᠷ ︽ᠲᠦᠷᠢᠮ︾ ᠢ ᠪᠦᠯᠦᠭ ᠵᠤᠷᠪᠤᠰ ᠳᠠᠷᠠᠭᠠᠯᠠᠨ ᠰᠤᠷᠤᠯᠴᠠᠪᠠ᠃ ᠲᠤᠰ ᠬᠤᠰᠢᠭᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ᠂ ᠨᠡᠶᠢᠲᠡᠯᠢᠭ ᠬᠡᠷᠡᠭ ᠤᠨ ᠵᠢᠱᠢᠶ᠎ᠡ᠂ ᠴᠢᠬᠡᠴᠢ ᠵᠠᠰᠠᠭ ᠤᠨ ᠨᠠᠮ ᠤᠨ ᠬᠢᠴᠢᠶᠡᠯ ᠵᠡᠷᠭᠡ ᠬᠡᠯᠪᠡᠷᠢ ᠶᠢ ᠵᠠᠳᠠᠯᠤᠨ ᠰᠢᠨᠵᠢᠯᠡᠵᠦ᠂ ᠬᠡᠷᠡᠭ ᠢᠶᠠᠷ ᠰᠠᠬᠢᠯᠭ᠎ᠠ ᠪᠠᠲᠤ ᠶᠢ ᠶᠠᠷᠢᠵᠤ᠂ ᠬᠡᠷᠡᠭ ᠢᠶᠠᠷ ᠬᠠᠷᠢᠭᠤᠴᠠᠯᠭ᠎ᠠ ᠶᠢ ᠲᠣᠭᠠᠴᠢᠵᠠᠢ᠃ ᠣᠶᠢᠷ᠎ᠠ ᠶᠢᠨ ᠵᠢᠯ ᠳᠤ ᠪᠠᠶᠢᠴᠠᠭᠠᠨ ᠰᠢᠢᠳᠪᠦᠷᠢᠯᠡᠭᠰᠡᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠨᠡᠶᠢᠲᠡᠯᠢᠭ ᠬᠡᠷᠡᠭ ᠢ ᠵᠠᠳᠠᠯᠤᠨ ᠡᠮᠬᠢᠯᠡᠵᠦ᠂ ᠲᠦᠷᠦᠭᠦᠦ ᠪᠦᠯᠦᠭ ᠤᠨ 13 ᠨᠡᠶᠢᠲᠡᠯᠢᠭ ᠬᠡᠷᠡᠭ ᠢ ᠰᠢᠯᠢᠨ ᠰᠣᠩᠭᠤᠵᠤ᠂ ︽ᠬᠡᠷᠡᠭ ᠤᠨ ᠵᠢᠱᠢᠶ᠎ᠡ ᠶᠢᠨ ᠡᠮᠬᠢᠳᠭᠡᠯ︾ ᠢ ᠨᠠᠶᠢᠷᠠᠭᠤᠯᠤᠨ ᠳᠠᠷᠤᠮᠠᠯᠯᠠᠵᠤ ᠰᠤᠷᠤᠯᠴᠠᠬᠤ ᠵᠢᠭᠠᠬᠤ ᠮᠠᠲ᠋ᠧᠷᠢᠶᠠᠯ ᠪᠣᠯᠭᠠᠵᠤ᠂ ᠬᠠᠨᠳᠤᠯᠭᠠᠲᠤ ᠴᠢᠨᠠᠷᠲᠠᠶ ᠪᠠᠷ ᠰᠡᠷᠡᠮᠵᠢᠯᠡᠭᠦᠯᠬᠦ ᠬᠥᠮᠦᠵᠢᠯ ᠥᠷᠨᠢᠭᠦᠯᠵᠦ᠂ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠶᠣᠰᠣ ᠲᠦᠷᠢᠮ ᠢ ᠮᠡᠳᠡᠭᠦᠯᠵᠦ᠂ ᠤᠯᠠᠭᠠᠨ ᠱᠤᠭᠤᠮ ᠢ ᠲᠣᠳᠣᠷᠬᠠᠶ ᠮᠡᠳᠡᠭᠦᠯᠵᠦ᠂ ᠬᠤᠷᠢᠭ᠎ᠠ ᠱᠤᠭᠤᠮ ᠢ ᠴᠢᠩᠭ᠎ᠠ ᠰᠠᠬᠢᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号