ᠺᠠᠳ᠋ᠷᠴᠤᠳ ᠤᠨ ᠴᠤᠭ ᠰᠦᠯᠳᠡ ᠪᠠ ᠤᠪᠤᠷ ᠰᠤᠷᠳᠠᠯ ᠢ ᠪᠠᠳᠠᠷᠠᠭᠤᠯᠬᠤ ᠶᠢᠨ ᠤᠴᠢᠷ
ᠨᠡᠶᠢᠲᠡᠯᠡᠭᠰᠡᠨ ᠴᠠᠭ᠄
2024/8/8
    ᠺᠠᠳ᠋ᠷᠴᠤᠳ ᠤᠨ ᠴᠤᠭ ᠰᠦᠯᠳᠡ ᠪᠠ ᠠᠵᠢᠯ ᠤᠨ ᠤᠪᠤᠷ ᠰᠤᠷᠳᠠᠯ ᠨᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠦᠷ᠎ᠡ ᠪᠦᠲᠦᠮᠵᠢ ᠲᠠᠢ ᠰᠢᠭᠤᠳ ᠬᠤᠯᠪᠣᠭᠳᠠᠵᠤ ᠪᠠᠶᠢᠳᠠᠭ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ᠂ ᠺᠠᠳ᠋ᠷ ᠤᠨ ᠳᠤᠷᠠᠪᠡᠷ ᠦᠢᠯᠡᠳᠬᠦᠢ᠂ ᠦᠯᠦ ᠦᠢᠯᠡᠳᠬᠦᠢ᠂ ᠦᠢᠯᠡᠳᠬᠦᠢ ᠵᠤᠷᠢᠭ ᠦᠬᠡᠢ᠂ ᠦᠢᠯᠡᠳᠬᠦᠢ ᠳᠤᠷ ᠴᠢᠳᠠᠮᠠᠭᠠᠢ ᠪᠤᠰᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ ᠭᠡᠵᠦ ᠲᠤᠳᠤᠷᠬᠠᠢ ᠲᠤᠬᠲᠠᠭᠠᠬᠰᠠᠨ ᠪᠠᠶᠢᠳᠠᠭ᠃    ᠲᠦᠪ ᠪᠤᠰᠤ ᠠᠵᠢᠯ ᠤᠨ ᠤᠪᠤᠷ ᠰᠤᠷᠳᠠᠯ ᠢ ᠵᠠᠯᠠᠷᠠᠭᠤᠯᠵᠦ᠂ ᠲᠤᠷᠠᠪᠡᠷ ᠦᠢᠯᠡᠳᠬᠦᠢ ᠠᠰᠠᠭᠤᠳᠠᠯ ᠢ ᠰᠶᠢᠳᠪᠦᠷᠢᠯᠡᠬᠦ ᠶᠢᠨ ᠤᠴᠢᠷ᠃ ᠺᠠᠳ᠋ᠷ ᠤᠨ ᠳᠤᠷᠠᠪᠡᠷ ᠦᠢᠯᠡᠳᠬᠦᠢ ᠶᠢᠨ ᠬᠠᠮᠤᠭ ᠤᠨ ᠦᠨᠳᠦᠰᠦᠨ ᠰᠢᠯᠲᠠᠭᠠᠨ ᠨᠢ ᠬᠠᠰᠢᠯᠠ ᠠᠵᠢᠯ ᠤᠨ ᠠᠮᠵᠢᠯᠲᠠ ᠪᠦᠲᠦᠮᠵᠢ ᠶᠢᠨ ᠲᠤᠬᠠᠢ ᠦᠵᠡᠯᠲᠡ ᠲᠠᠨᠢᠯᠲᠠ ᠨᠢ ᠪᠤᠷᠤᠭᠤ᠂ ᠬᠠᠷᠢᠭᠤᠴᠠᠯᠭᠠᠲᠤ ᠰᠡᠳᠭᠢᠯᠭᠡ ᠨᠢ ᠳᠤᠲᠠᠮᠠᠭ᠂ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢᠨ ᠤᠬᠠᠮᠰᠠᠷ ᠨᠢ ᠭᠦᠢᠴᠡᠳ ᠪᠤᠰᠤ ᠠᠴᠠ ᠪᠣᠯᠤᠭᠰᠠᠨ ᠶᠤᠮ᠃ ᠺᠠᠳ᠋ᠷᠴᠤᠳ ᠠᠵᠢᠯ ᠬᠢᠵᠦ ᠦᠢᠯᠡᠰ ᠪᠤᠰᠬᠠᠬᠤ ᠳᠤ ᠡᠷᠬᠡᠪᠰᠢ ᠵᠥᠪ ᠣᠨᠣᠪᠴᠢᠲᠠᠢ ᠠᠵᠢᠯ ᠤᠨ ᠠᠮᠵᠢᠯᠲᠠ ᠪᠦᠲᠦᠮᠵᠢ ᠶᠢᠨ ᠦᠵᠡᠯᠲᠡ ᠶᠢ ᠪᠤᠢ ᠪᠣᠯᠭᠠᠬᠤ ᠴᠢᠬᠤᠯᠠᠲᠠᠢ ᠪᠠᠶᠢᠳᠠᠭ᠃ ᠡᠬᠦᠨ ᠳᠤ ᠠᠵᠢᠯ ᠤᠨ ᠠᠮᠵᠢᠯᠲᠠ ᠪᠦᠲᠦᠮᠵᠢ ᠶᠢᠨ ᠦᠵᠡᠯᠲᠡ ᠶᠢᠨ ᠬᠥᠮᠦᠵᠢᠯ ᠢ ᠴᠢᠩᠭᠠᠳᠬᠠᠬᠤ ᠪᠠᠷ ᠳᠠᠮᠵᠢᠭᠤᠯᠤᠨ᠂ ᠡᠯ᠎ᠡ ᠱᠠᠲᠤᠨ ᠤ ᠺᠠᠳ᠋ᠷᠴᠤᠳ ᠢ ᠬᠦᠳᠦᠯᠦᠨ ᠵᠢᠯᠣᠭᠤᠳᠴᠤ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠤᠶᠢᠯᠠᠭᠠᠬᠳᠠᠬᠤᠨ ᠢ ᠪᠠᠲᠤ ᠪᠤᠢ ᠪᠣᠯᠭᠠᠵᠤ᠂ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠴᠢᠬᠤᠯᠠ ᠠᠵᠢᠯ ᠤᠨ ᠠᠮᠵᠢᠯᠲᠠ ᠪᠦᠲᠦᠮᠵᠢ ᠪᠤᠯᠭᠠᠵᠦ᠂ ᠣᠳᠣᠬᠠᠨ ᠤ ᠪᠠᠶᠢᠳᠠᠯ ᠳᠤ ᠰᠠᠭᠤᠷᠢᠯᠠᠨ᠂ ᠠᠯᠤᠰ ᠬᠡᠲᠦ ᠶᠢ ᠪᠣᠳᠣᠯᠬᠢᠯᠠᠵᠦ᠂ ᠠᠷᠠᠳ ᠣᠯᠠᠨ ᠤ ᠨᠢᠳᠦᠨ ᠳᠤ ᠦᠵᠡᠭᠳᠡᠵᠦ ᠭᠠᠷ ᠲᠤ ᠪᠠᠷᠢᠭᠳᠠᠬᠤ ᠪᠣᠳᠠᠲᠤ ᠶᠠᠪᠤᠳᠠᠯ ᠬᠢᠬᠦ ᠮᠥᠷᠲᠡᠭᠡᠨ ᠪᠠᠰᠠ ᠠᠯᠤᠰ ᠬᠡᠲᠦ ᠳᠤ ᠠᠰᠢᠭᠲᠠᠶ ᠰᠠᠶᠢᠨ ᠶᠠᠪᠤᠳᠠᠯ ᠬᠢᠬᠦ ᠶᠤᠰᠤᠳᠠᠢ᠃    ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠦᠯᠦ ᠦᠢᠯᠡᠳᠬᠦᠢ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠶᠢᠨ ᠤᠴᠢᠷ᠃ ᠺᠠᠳ᠋ᠷᠴᠤᠳ ᠠᠵᠢᠯ ᠣᠶᠢᠯᠠᠰᠴᠢ ᠰᠡᠳᠭᠢᠯᠭᠡ ᠪᠠ ᠬᠠᠷᠢᠭᠤᠴᠠᠯᠭᠠᠲᠤ ᠰᠡᠳᠭᠢᠯᠭᠡ ᠪᠠᠷ ᠳᠤᠲᠠᠮᠠᠭ ᠪᠠᠶᠢᠪᠠᠯ ᠠᠵᠢᠯ ᠢ ᠠᠳᠬᠤᠬᠤ ᠳᠠᠭᠠᠨ ᠵᠦᠪᠬᠡᠨ ᠦᠡᠭᠭᠡᠪᠴᠢ ᠲᠠᠯ᠎ᠠ ᠶᠢ ᠯᠠ ᠬᠥᠭᠡᠭᠡᠴᠡᠯᠳᠦᠵᠦ᠂ ᠦᠨᠳᠦᠰᠦᠨ ᠠᠴᠠ ᠨᠢ ᠵᠠᠰᠠᠬᠤ ᠶᠢ ᠤᠮᠳᠤᠭᠠᠶᠢᠯᠠᠨ᠂ ᠡᠭᠦᠰᠭᠡᠯ ᠪᠠᠶᠢᠭᠠᠳ ᠲᠡᠭᠦᠰᠭᠡᠯ ᠦᠭᠡᠢ ᠪᠤᠯᠬᠤ ᠠᠶᠤᠯ ᠲᠠᠢ ᠪᠤᠯᠳᠠᠭ᠃ ᠡᠬᠦᠨ ᠳᠤ ᠲᠡᠰ ᠳᠠᠪᠬᠤᠷᠭ᠎ᠠ ᠲᠦᠷᠦᠯ ᠵᠦᠢᠯ ᠬᠤᠪᠢᠶᠠᠵᠤ᠂ ᠭᠤᠣᠯ ᠴᠣᠭᠴᠠ ᠨᠢ ᠲᠣᠳᠣᠷᠬᠠᠢ᠂ ᠱᠠᠭᠠᠷᠳᠠᠯᠭ᠎ᠠ ᠨᠢ ᠲᠣᠳᠣᠷᠬᠠᠢ ᠬᠠᠷᠢᠭᠤᠴᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠤᠰᠢᠶᠠᠯ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠡᠯ᠎ᠡ ᠲᠡᠰ ᠳᠠᠪᠬᠤᠷᠭ᠎ᠠ᠂ ᠡᠯ᠎ᠡ ᠠᠵᠢᠯ ᠤᠨ ᠪᠠᠶᠢᠷᠢ ᠳᠤ ᠨᠠᠶᠢᠳᠠᠪᠤᠷᠢᠵᠢᠭᠤᠯᠬᠤ ᠨᠢ ᠵᠠᠩᠬᠢᠯᠠᠭ᠎ᠠ ᠪᠤᠯᠤᠨ᠎ᠠ᠃ ᠺᠠᠳ᠋ᠷᠴᠤᠳ ᠰᠢᠰᠲ᠋ᠧᠮᠲᠦ ᠰᠡᠳᠭᠢᠬᠦᠢ ᠶᠢ ᠪᠠᠷᠢᠮᠲᠠᠯᠠᠨ᠂ ᠪᠦᠬᠦ ᠲᠠᠯ᠎ᠠ ᠶᠢᠨ ᠦᠵᠡᠯᠲᠡ ᠪᠠᠨ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠰᠠᠨᠠᠭᠠᠴᠢᠯᠠᠨ᠂ ᠬᠠᠮᠵᠢᠯᠴᠠᠨ ᠬᠠᠪᠰᠤᠷᠤᠯᠴᠠᠬᠤ ᠶᠢ ᠴᠢᠬᠤᠯᠠᠴᠢᠯᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠮᠥᠷᠲᠡᠭᠡᠨ ᠪᠠᠰᠠ ᠬᠦᠴᠦ ᠪᠠᠨ ᠬᠠᠮᠲᠤᠳᠬᠠᠨ ᠬᠠᠮᠵᠢᠯᠴᠠᠨ ᠠᠵᠢᠯᠯᠠᠬᠤ ᠨᠢ ᠳᠤᠩ ᠴᠢᠬᠤᠯᠠ᠃ ᠲᠦᠷᠢᠮ ᠤᠨ ᠲᠠᠯ᠎ᠠ ᠪᠠᠷ᠂ ᠲᠠᠰᠤᠷᠠᠯᠳᠠ ᠦᠭᠡᠢ ᠬᠤᠪᠢᠷᠠᠵᠤ ᠪᠠᠶᠢᠭ᠎ᠠ ᠪᠣᠳᠠᠲᠤ ᠪᠠᠶᠢᠳᠠᠯ ᠢ ᠦᠨᠳᠦᠰᠦᠯᠡᠨ᠂ ᠺᠠᠳ᠋ᠷᠴᠤᠳ ᠤᠨ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠺᠠᠳ᠋ᠷᠴᠤᠳ ᠤᠨ ᠠᠵᠢᠯᠳᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠮᠦᠨ ᠰᠣᠩᠭᠤᠵᠤ ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢ ᠢᠯᠡ ᠲᠣᠳᠣ ᠪᠤᠢ ᠪᠣᠯᠭᠠᠵᠤ᠂ ᠵᠢᠳᠬᠦᠯ ᠴᠢᠷᠮᠠᠶᠢᠯᠭ᠎ᠠ ᠲᠠᠢ ᠬᠥᠮᠦᠨ ᠳᠤ ᠣᠷᠣᠨ ᠪᠠᠶᠢᠷᠢ ᠣᠯᠭᠤᠵᠤ᠂ ᠵᠤᠷᠢᠭ ᠲᠠᠢ ᠪᠠᠷ ᠳᠡᠮᠡᠴᠡᠭᠰᠡᠳ ᠲᠤ ᠬᠦᠬᠢᠬᠦᠯᠦᠯ ᠱᠠᠩᠨᠠᠯ ᠬᠦᠷᠲᠡᠭᠡᠬᠦ ᠶᠤᠰᠤᠲᠠᠢ᠃    ᠰᠠᠶᠢᠨ ᠰᠠᠶᠢᠬᠠᠨ ᠠᠮᠢ ᠠᠬᠤᠶ ᠶᠢ ᠪᠤᠢ ᠪᠣᠯᠭᠠᠵᠤ᠂ ᠦᠢᠯᠡᠳᠬᠦᠢ ᠵᠤᠷᠢᠬ ᠦᠬᠡᠢ ᠠᠰᠠᠭᠤᠳᠠᠯ ᠢ ᠰᠢᠢᠳᠪᠦᠷᠢᠯᠡᠬᠦ ᠶᠢᠨ ᠤᠴᠢᠷ᠃ ᠵᠣᠷᠢᠭᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠶᠢᠨ ᠬᠠᠮᠲᠤ ᠵᠠᠷᠢᠮ ᠺᠠᠳ᠋ᠷ ᠤᠨ ᠬᠢᠬᠦ ᠵᠣᠷᠢᠭ ᠦᠭᠡᠢ ᠪᠠᠶᠢᠭ᠎ᠠ ᠰᠢᠯᠲᠠᠭᠠᠨ ᠢ ᠪᠦᠬᠦ ᠲᠠᠯ᠎ᠠ ᠪᠠᠷ ᠵᠠᠳᠠᠯᠵᠤ᠂ ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠺᠠᠳ᠋ᠷ ᠤᠨ ᠬᠤᠶᠢᠰᠢᠳᠠ ᠶᠢᠨ ᠵᠣᠪᠠᠨᠢᠯ ᠢ ᠪᠦᠲᠦᠮᠵᠢᠲᠡᠢ ᠰᠢᠢᠳᠪᠦᠷᠢᠯᠡᠵᠦ᠂ ᠺᠠᠳ᠋ᠷᠴᠤᠳ ᠤᠨ ᠳᠠᠷᠤᠭᠠᠰᠤ ᠶᠢ ᠬᠥᠩᠭᠡᠷᠡᠭᠦᠯᠵᠦ᠂ ᠵᠣᠷᠢᠭᠲᠠᠢ ᠪᠠᠷ ᠠᠵᠢᠯ ᠶᠠᠪᠤᠳᠠᠯ ᠪᠦᠲᠦᠭᠡᠬᠦ ᠶᠢ ᠬᠦᠲᠦᠯᠦᠨ ᠵᠢᠯᠤᠭᠤᠳᠬᠤ ᠴᠢᠬᠤᠯᠠᠲᠠᠢ᠃ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠳᠡᠭᠡᠷ᠎ᠡ ᠱᠠᠲᠤᠨ ᠠᠴᠠ ᠬᠠᠷᠠᠬᠠᠨ ᠲᠣᠳᠣᠷᠬᠠᠢ ᠬᠢᠵᠠᠭᠠᠷᠯᠠᠭᠰᠠᠨ ᠦᠭᠡᠢ ᠬᠠᠶᠢᠨ ᠰᠦᠪᠡᠭᠴᠢᠯᠡᠯᠳᠡ ᠶᠢᠨ ᠴᠢᠨᠠᠷᠲᠠᠢ ᠲᠤᠷᠰᠢᠯᠲᠠ ᠶᠢᠨ ᠳᠤᠮᠳᠠᠬᠢ ᠠᠯᠳᠠᠰᠢ ᠶᠢ ᠳᠡᠭᠡᠷ᠎ᠡ ᠱᠠᠲᠤᠨ ᠠᠴᠠ ᠲᠣᠳᠣᠷᠬᠠᠢ ᠵᠠᠷᠯᠢᠭᠳᠠᠨ ᠴᠠᠭᠠᠵᠠᠯᠠᠭᠰᠠᠨ ᠤ ᠲᠠᠷᠠᠭ᠎ᠠ ᠮᠥᠨ ᠵᠣᠷᠢᠭ ᠢᠶᠠᠷ ᠢᠶᠠᠨ ᠦᠢᠯᠡᠳᠴᠦ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠦᠢᠯᠡ ᠠᠵᠢᠯᠯᠠᠭ᠎ᠠ ᠠᠴᠠ ᠢᠯᠭᠠᠬᠤ ᠬᠡᠷᠡᠭᠲᠡᠢ︔ ᠬᠥᠭᠵᠢᠯᠲᠡ ᠶᠢ ᠠᠬᠢᠭᠤᠯᠬᠤ ᠶᠢᠨ ᠲᠥᠯᠥᠭᠡ ᠭᠠᠷᠭᠠᠭᠰᠠᠨ ᠰᠠᠨᠠᠭᠠᠨ ᠳᠤ ᠦᠭᠡᠶ ᠠᠳᠡᠯ ᠬᠢᠭᠡᠳ ᠬᠤᠪᠢ ᠶᠢᠨ ᠠᠰᠢᠭ ᠲᠤᠰᠠ ᠶᠢᠨ ᠲᠥᠯᠥᠭᠡ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠠᠵᠢᠯᠯᠠᠭ᠎ᠠ ᠶᠢ ᠢᠯᠭᠠᠵᠦ᠂ ᠺᠠᠳ᠋ᠷᠴᠤᠳ ᠤᠨ ᠵᠠᠮ ᠨᠡᠭᠡᠭᠡᠨ ᠤᠷᠤᠭᠰᠢᠯᠠᠬᠤ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠢᠳᠡᠪᠬᠢᠵᠢᠯ ᠢ ᠬᠠᠮᠠᠭᠠᠯᠠᠨ ᠤᠷᠮᠠᠰᠢᠭᠤᠯᠬᠤ ᠶᠤᠰᠤᠳᠠᠢ᠃    ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠳᠬᠦᠢ ᠳᠤᠷ ᠴᠢᠳᠠᠮᠠᠭᠠᠢ ᠪᠤᠰᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠶᠢᠨ ᠤᠴᠢᠷ᠃ ᠠᠵᠢᠯ ᠬᠢᠵᠦ ᠦᠢᠯᠡᠰ ᠪᠤᠰᠬᠠᠬᠤ ᠳᠤ᠂ ᠤᠯᠤᠰ ᠲᠥᠷᠥ ᠪᠠᠲᠤ ᠴᠢᠩᠭ᠎ᠠ ᠪᠠᠶᠢᠬᠤ ᠪᠠ ᠡᠷᠳᠡᠮ ᠴᠢᠳᠠᠪᠤᠷᠢ ᠴᠢᠩᠭ᠎ᠠ ᠪᠠᠶᠢᠬᠤ ᠨᠢ ᠬᠤᠪᠢᠰᠤᠩᠭᠤᠶ ᠨᠢᠭᠡᠳᠦᠯᠲᠡᠶ ᠪᠥᠭᠡᠳ ᠬᠠᠷᠢᠯᠴᠠᠨ ᠨᠥᠬᠦᠴᠡᠯᠳᠦᠵᠦ ᠪᠠᠶᠢᠳᠠᠭ᠃ ᠺᠠᠳ᠋ᠷᠴᠤᠳ ᠮᠣᠷᠠᠯ ᠴᠢᠳᠠᠪᠤᠷᠢ ᠬᠤᠣᠰᠯᠠᠭᠰᠠᠨ ᠪᠠᠶᠢᠪᠠᠯ ᠰᠠᠶ᠋ᠢ ᠬᠦᠨᠳᠦ ᠡᠭᠦᠷᠭᠡ ᠶᠢ ᠡᠭᠦᠷᠭᠡᠯᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤᠮᠳᠠ ᠨᠡᠩ ᠶᠡᠭᠡ ᠬᠤᠪᠢ ᠨᠡᠮᠡᠷᠢ ᠦᠵᠡᠭᠦᠯᠵᠦ ᠳᠡᠶᠢᠯᠦᠨ᠎ᠡ᠃ ᠤᠨᠤᠯ ᠤᠨ ᠪᠣᠯᠪᠠᠰᠤᠷᠠᠯ ᠪᠣᠯ ᠺᠠᠳ᠋ᠷ ᠤᠨ ᠶᠡᠷᠦᠩᠬᠡᠢ ᠬᠡᠪ ᠴᠢᠨᠠᠷ ᠤᠨ ᠭᠤᠣᠯᠳᠠᠯᠭ᠎ᠠ ᠮᠥᠨ᠂ ᠡᠬᠦᠨ ᠳᠤ ᠺᠠᠳ᠋ᠷᠴᠤᠳ ᠤᠨ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠲᠠᠷᠢᠬᠢ ᠲᠤᠯᠤᠭᠠᠢ ᠪᠠᠨ ᠵᠡᠪᠰᠡᠭᠯᠡᠬᠦ ᠶᠢ ᠴᠥᠬᠦᠷᠡᠰᠢ ᠦᠭᠡᠢ ᠴᠢᠩᠭᠠᠳᠬᠠᠵᠤ᠂ ᠳᠡᠳᠡᠨᠡᠷ ᠤᠨ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ᠂ ᠴᠠᠭ ᠤᠨ ᠪᠠᠶᠢᠳᠠᠯ ᠢ ᠠᠵᠢᠭᠯᠠᠬᠤ᠂ ᠬᠥᠭᠵᠢᠯᠲᠡ ᠶᠢ ᠲᠥᠯᠥᠪᠵᠢᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠷᠢᠳᠠᠴᠢ ᠴᠢᠨᠠᠷ ᠪᠠ ᠰᠠᠨᠠᠭᠠᠴᠢᠯᠠᠭᠠᠲᠤ ᠴᠢᠨᠠᠷ ᠢ ᠨᠡᠮᠡᠭᠳᠡᠬᠦᠯᠬᠦ ᠶᠤᠰᠤᠳᠠᠢ᠃    ᠰᠢᠨ᠎ᠡ ᠠᠶᠠᠨ ᠵᠠᠮ ᠳᠤ᠂ ᠨᠠᠮ ᠤᠨ ᠬᠡᠰᠢᠬᠦᠨ ᠺᠠᠳ᠋ᠷᠴᠤᠳ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠵᠣᠬᠢᠴᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠣᠯᠠᠨ ᠲᠦᠮᠡᠨ ᠳᠤ ᠦᠢᠯᠡᠴᠢᠯᠡᠬᠦ ᠪᠠ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠬᠠᠮᠲᠤ ᠲᠡᠮᠡᠴᠡᠯ ᠤᠨ ᠵᠣᠷᠢᠭ ᠰᠠᠨᠠᠭ᠎ᠠ ᠪᠣᠯᠤᠨ ᠲᠡᠮᠡᠴᠡᠯ ᠤᠨ ᠴᠢᠳᠠᠪᠤᠷᠢ ᠪᠠᠨ ᠳᠡᠭᠡᠭᠰᠢᠯᠡᠬᠦᠯᠬᠦ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠦᠴᠢᠷ ᠢ ᠳᠤᠭᠤᠯᠬᠤ᠂ ᠥᠷᠢᠰᠥᠯᠳᠦᠭᠡᠨ ᠢ ᠠᠷᠭᠠᠴᠠᠬᠤ ᠴᠢᠳᠠᠪᠤᠷᠢ ᠪᠠᠨ ᠬᠦᠴᠦᠯᠡᠨ ᠴᠢᠩᠭᠠᠳᠬᠠᠵᠤ ᠂ ᠮᠡᠳᠡᠯᠭᠡ ᠶᠢᠨ ᠳᠤᠲᠠᠭᠤᠳᠠᠯ᠂ ᠴᠢᠳᠠᠪᠤᠷᠢ ᠶᠢᠨ ᠳᠤᠲᠠᠭᠤᠳᠠᠯ᠂ ᠲᠤᠷᠰᠢᠯᠭ᠎ᠠ ᠶᠢᠨ ᠪᠠᠭᠤᠷᠠᠶ ᠲᠠᠯ᠎ᠠ ᠪᠠᠨ ᠨᠥᠬᠦᠪᠥᠷᠢᠯᠡᠵᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠮᠡᠷᠭᠡᠵᠢᠯᠲᠡᠨ ᠪᠣᠯᠬᠤ ᠪᠠᠷ ᠴᠢᠷᠮᠠᠶᠢᠬᠤ ᠬᠡᠷᠡᠭᠳᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号