ᠨᠢᠬᠡ ᠰᠢᠳᠦ ᠳᠠᠷᠢᠭᠤᠯᠬᠤ ᠳᠤ ᠨᠢᠭᠡ ᠲᠦᠮᠡ ᠭᠠᠷᠤᠢ ᠳᠦᠬᠦᠷᠢᠭ ᠪᠠᠶᠢᠭᠰᠠᠨ ᠠᠴᠠ ᠳᠦᠷᠪᠡ ᠲᠠᠪᠤᠨ ᠮᠢᠩᠭᠠᠨ | ᠳᠦᠬᠦᠷᠢᠭ ᠪᠤᠯᠵᠤ᠂ ᠨᠢᠭᠡ ᠬᠠᠶᠢᠷᠴᠠᠭ ᠡᠮ ᠵᠢᠷᠨ ᠳᠠᠯᠠᠨ ᠳᠦᠬᠦᠷᠢᠭ ᠪᠠᠶᠢᠭᠰᠠᠨ ᠠᠴᠠ ᠳᠦᠷᠪᠡ ᠲᠠᠪᠤᠨ ᠲᠥᠭᠦᠷᠢᠭ | ᠪᠤᠯᠪᠠ ᠁ ᠡᠲᠡᠭᠡᠷ ᠶᠡᠭᠡ ᠬᠡᠮᠵᠢᠶ᠎ᠠ ᠪᠠᠷ ᠦᠨ᠎ᠠ ᠪᠠᠭᠤᠷᠠᠵᠦ ᠪᠠᠶᠢᠭ᠎ᠠ ᠨᠢ ᠶᠠᠮᠠᠷ ᠨᠢᠭᠡᠨ ᠴᠠᠬᠢᠯᠭᠠᠨ ᠬᠡᠷᠡᠭᠰᠡᠯ | ᠪᠤᠶᠤ ᠭᠤᠶᠣᠯᠠᠯ ᠤᠨ ᠡᠳ᠋ ᠪᠢᠰᠢ᠂ ᠬᠡᠲᠦ ᠳᠡᠯᠭᠡᠭᠦᠷ ᠤᠨ ᠬᠢᠮᠳᠡᠷᠡᠯ ᠲᠠᠢ ᠪᠣᠷᠤᠯᠠᠭᠤᠯᠭ᠎ᠠ ᠨᠡᠩ ᠴᠤ ᠪᠢᠰᠢ᠂ ᠬᠠᠷᠢᠨ | ᠮᠠᠨ ᠤ ᠠᠶᠢᠮᠠᠭ ᠤᠯᠤᠰ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ | ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠠᠷᠠᠳ ᠢᠷᠭᠡᠳ ᠤᠨ ᠪᠠᠶᠢᠩᠭᠤ | ᠬᠡᠷᠡᠭᠯᠡᠬᠦ ᠡᠮ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠶᠢᠨ ︽ᠬᠥᠮᠥᠨ ᠢ ᠰᠣᠴᠢᠭᠠᠮ᠎ᠠ︾ | ᠬᠤᠪᠢᠷᠠᠯᠲᠠ ᠪᠤᠯᠤᠨ᠎ᠡ᠃ | ᠡᠨᠡ ᠵᠢᠯ 62 ᠨᠠᠰᠤᠲᠠᠢ ᠯᠢᠦ ᠱᠤ᠋ ᠰᠢᠶᠠ ᠪᠣᠯ ᠪᠠᠶᠠᠨᠬᠤᠲᠠ ᠶᠢᠨ ᠰᠠᠭᠤᠭᠠᠯᠢ ᠠᠷᠠᠳ᠃ ᠲᠠᠪᠤᠨ ᠵᠢᠯ ᠤᠨ | ᠡᠮᠦᠨ᠎ᠡ ᠰᠢᠬᠢᠷ ᠰᠢᠵᠢᠩ ᠡᠪᠡᠳᠴᠢᠨ ᠳᠤ ᠨᠡᠷᠪᠡᠭᠳᠡᠨ᠂ ᠡᠳᠦᠷ ᠪᠦᠷᠢ ᠠᠺᠠᠫᠤᠯᠤᠰ ᠤᠤᠭᠤᠵᠤ ᠴᠢᠰᠤᠨ ᠰᠢᠬᠢᠷ ᠢᠶᠠᠨ | ᠬᠢᠵᠠᠭᠠᠷᠯᠠᠵᠦ᠂ ᠨᠢᠭᠡ ᠰᠠᠷ᠎ᠠ ᠳᠤ ᠪᠠᠷᠤᠭ ᠭᠤᠷᠪᠠᠨ ᠬᠠᠶᠢᠷᠴᠠᠭ ᠡᠮ ᠤᠤᠭᠤᠵᠤ ᠪᠠᠶᠢᠳᠠᠭ᠃ ︽ᠮᠢᠨᠤ ᠤᠤᠭᠤᠵᠤ | ᠪᠠᠶᠢᠭ᠎ᠠ ᠨᠢᠬᠡ ᠬᠠᠶᠢᠷᠴᠠᠭ 50mg × 30 ᠠᠺᠠᠫᠤᠯᠤᠰ ᠬᠠᠪᠲᠠᠭᠠᠢ ᠦᠷᠢᠯ ᠨᠢ ᠬᠡᠳᠦᠨ ᠵᠢᠯ ᠤᠨ ᠡᠮᠦᠨ᠎ᠡ 60 | ᠭᠠᠷᠤᠢ ᠲᠥᠭᠦᠷᠢᠭ ᠪᠠᠶᠢᠪᠠ᠂ ᠡᠮ ᠤᠨ ᠵᠦᠢᠯᠡᠰ ᠢ ᠲᠥᠪᠯᠡᠷᠡᠭᠦᠯᠦᠨ ᠬᠤᠳᠠᠯᠳᠤᠨ ᠠᠪᠬᠤ ᠪᠤᠯᠤᠭᠰᠠᠨ ᠠᠴᠠ ᠨᠠᠭᠠᠰᠢ | ᠬᠠᠶᠢᠷᠴᠠᠭ ᠪᠦᠷᠢ ᠶᠢᠨ ᠦᠨ᠎ᠡ ᠨᠢ 5 ᠲᠥᠭᠦᠷᠢᠭ ᠭᠠᠷᠤᠢ ᠪᠣᠯᠵᠤ᠂ ᠡᠮ ᠡᠮᠨᠡᠯᠭᠡ ᠶᠢᠨ ᠳᠠᠭᠠᠳᠬᠠᠯ ᠠᠴᠠ ᠶᠡᠬᠡᠩᠬᠢ | ᠬᠡᠰᠡᠭ ᠢ ᠨᠢ ᠳᠠᠩᠰᠠᠨ ᠠᠴᠠ ᠲᠠᠶᠢᠯᠵᠤ ᠥᠭᠴᠡᠢ᠃ ᠤᠯᠤᠰ ᠤᠨ ᠲᠥᠷᠥ ᠶᠢᠨ ᠪᠣᠳᠣᠯᠭ᠎ᠠ ᠳᠤ ᠳᠠᠯᠠᠷᠬᠠᠵᠦ ᠪᠠᠶᠢᠨ᠎ᠠ᠂ | ᠡᠨᠡ ᠪᠦᠬᠦᠨ ᠨᠢ ᠨᠠᠳᠠ ᠲᠠᠢ ᠠᠳᠠᠯᠢ ᠤᠳᠠᠭᠠᠨ ᠴᠢᠨᠠᠷᠲᠠᠢ ᠡᠪᠡᠳᠴᠢᠲᠡᠨ ᠤ ᠡᠮ ᠬᠡᠷᠡᠭᠯᠡᠬᠦ ᠳᠠᠷᠤᠭᠠᠰᠤ ᠶᠢ | ᠬᠥᠩᠭᠡᠯᠡᠭᠰᠡᠨ ᠪᠠᠶᠢᠨ᠎ᠠ︾ ᠬᠡᠵᠦ ᠳᠡᠷᠡ ᠪᠠᠶᠠᠷᠯᠠᠨ ᠶᠠᠷᠢᠨ᠎ᠠ᠃ | ᠤᠯᠤᠰ ᠠᠴᠠ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ | ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠬᠤ ᠪᠣᠯ ᠲᠥᠪ ᠤᠨ ᠡᠮᠴᠢᠯᠡᠭᠡᠨ ᠤ ᠪᠠᠲᠤᠯᠠᠭ᠎ᠠ ᠶᠢᠨ | ᠳᠦᠷᠢᠮ ᠤᠨ ᠥᠭᠡᠷᠡᠴᠢᠯᠡᠯᠲᠡ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ 2019 ᠣᠨ ᠳᠤ ᠡᠮ ᠤᠨ ᠵᠦᠢᠯ ᠪᠠ ᠡᠮᠴᠢᠯᠡᠭᠡᠨ ᠳᠤ | ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠥᠷᠨᠢᠭᠦᠯᠦᠭᠰᠡᠨ ᠠᠴᠠ ᠨᠠᠭᠠᠰᠢ | ᠂ ᠮᠠᠨ ᠤ ᠠᠶᠢᠮᠠᠭ ᠤᠯᠤᠰ ᠪᠠ ᠮᠤᠵᠢ ᠤᠷᠤᠨ ᠤ ᠬᠤᠭᠤᠷᠣᠨᠳᠣᠬᠢ ᠬᠤᠯᠪᠣᠭ᠎ᠠ ᠶᠢᠨ ᠵᠣᠬᠢᠶᠠᠨ ᠪᠠᠶᠢᠭᠤᠯᠤᠭᠰᠠᠨ | ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ | ᠬᠤᠳᠠᠯᠳᠤᠨ ᠠᠪᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠬᠢᠨᠠᠮᠠᠭᠠᠢ | ᠨᠠᠶᠢᠳᠠᠪᠤᠷᠢᠵᠢᠭᠤᠯᠵᠤ᠂ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠪᠥᠬᠦ ᠲᠠᠯ᠎ᠠ ᠪᠠᠷ ᠠᠬᠢᠭᠤᠯᠵᠡᠢ᠃ | ᠤᠳᠤ ᠪᠤᠯᠳᠠᠯ᠎ᠠ᠂ ᠮᠠᠨ ᠤ ᠠᠶᠢᠮᠠᠭ ᠨᠢᠭᠡᠨᠲᠡ ᠤᠯᠤᠰ ᠪᠠ ᠮᠤᠵᠢ ᠤᠷᠤᠨ ᠤ ᠬᠤᠭᠤᠷᠣᠨᠳᠣᠬᠢ ᠬᠤᠯᠪᠣᠭ᠎ᠠ ᠶᠢᠨ | ᠵᠤᠬᠢᠶᠠᠨ ᠪᠠᠶᠢᠭᠤᠯᠤᠭᠰᠠᠨ 17 ᠪᠦᠯᠦᠭ ᠤᠳᠠᠭ᠎ᠠ ᠶᠢᠨ ᠨᠡᠶᠢᠲᠡ 607 ᠲᠥᠷᠥᠯ ᠤᠨ ᠡᠮ ᠤᠨ ᠵᠦᠢᠯ ᠪᠠ 25 | ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ | ᠠᠪᠬᠤ ᠠᠵᠢᠯ ᠢ ᠨᠠᠶᠢᠳᠠᠪᠤᠷᠢᠵᠢᠭᠤᠯᠵᠤ᠂ ᠳᠤᠮᠳᠠ ᠠᠴᠠ ᠨᠢ ᠰᠣᠩᠭᠤᠭᠰᠠᠨ ᠦᠢᠯᠡᠳᠬᠦᠨ ᠤ ᠦᠨ᠎ᠡ ᠬᠠᠩᠰᠢ ᠶᠢᠨ | ᠳᠤᠮᠳᠠᠴᠢ ᠪᠠᠭᠤᠷᠠᠯᠲᠠ ᠶᠢᠨ ᠬᠡᠮᠵᠢᠶ᠎ᠡ ᠨᠢ 50% ᠳᠤ ᠬᠦᠷᠴᠡᠢ᠃ ᠵᠥᠪᠬᠡᠨ ᠡᠨᠡ ᠵᠢᠯ ᠤᠨ ᠳᠡᠭᠡᠷ᠎ᠡ ᠬᠠᠭᠠᠰ | ᠵᠢᠯ ᠳᠤ᠂ ᠮᠠᠨ ᠤ ᠠᠶᠢᠮᠠᠭ ᠤᠨ ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ | ᠡᠯ᠎ᠡ ᠲᠥᠷᠥᠯ ᠤᠨ ᠡᠮ ᠤᠨ ᠵᠦᠢᠯ ᠢ ᠬᠤᠳᠠᠯᠳᠤᠨ ᠠᠪᠤᠭᠰᠠᠨ ᠵᠣᠭᠤᠰ ᠤᠨ ᠲᠤᠭ᠎ᠠ 4021.74 ᠲᠦᠮᠡᠨ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 40.4% ᠪᠠᠷ ᠨᠡᠮᠡᠭᠳᠡᠪᠡ︔ ᠬᠤᠳᠠᠯᠳᠤᠨ | ᠠᠪᠤᠭᠰᠠᠨ ᠡᠮ ᠤᠨ ᠵᠦᠢᠯ ᠤᠨ ᠲᠥᠷᠥᠯ ᠵᠦᠢᠯ 1302 ᠪᠤᠯᠵᠤ᠂ ᠠᠳᠠᠯᠢ ᠬᠤᠭᠤᠴᠠᠭᠠᠨ ᠤ ᠬᠢ ᠠᠴᠠ 40. | 5% ᠪᠠᠷ ᠨᠡᠮᠡᠭᠳᠡᠪᠡ︔ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠤᠭᠰᠠᠨ ᠵᠣᠭᠤᠰ ᠤᠨ | ᠲᠤᠭ᠎ᠠ 1275.84 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 70.3% ᠪᠠᠷ | ᠨᠡᠮᠡᠭᠳᠡᠪᠡ︔ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠲᠥᠷᠥᠯ ᠵᠦᠢᠯ 1479 | ᠪᠤᠯᠵᠤ᠂ ᠠᠳᠠᠯᠢ ᠬᠤᠭᠤᠴᠠᠭᠠᠨ ᠤ ᠬᠢ ᠠᠴᠠ 143.2% ᠨᠡᠮᠡᠭᠳᠡᠪᠡ︔ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠬᠤᠳᠠᠯᠳᠤᠨ ᠠᠪᠤᠭᠰᠠᠨ ᠬᠡᠮᠵᠢᠶ᠎ᠡ 168.4 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 91.1% ᠪᠠᠷ ᠨᠡᠮᠡᠭᠳᠡᠪᠡ︔ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ | ᠰᠦᠯᠵᠢᠶ᠎ᠠ ᠪᠠᠷ ᠬᠤᠳᠠᠯᠳᠤᠨ ᠠᠪᠬᠤ ᠳᠤ ᠣᠷᠣᠯᠴᠠᠭᠰᠠᠨ ᠨᠣᠷᠮ᠎ᠠ 100% ᠳᠤ ᠬᠦᠷᠦᠭᠰᠡᠨ ᠪᠠᠶᠢᠨ᠎ᠠ᠃ ᠡᠨᠡ | ᠵᠢᠯ ᠤᠨ 6 ᠰᠠᠷ᠎ᠠ ᠳᠤ᠂ ᠮᠠᠨ ᠤ ᠠᠶᠢᠮᠠᠭ ᠪᠠᠰᠠ ᠳᠦᠪᠯᠡᠷᠡᠬᠦᠯᠦᠨ ᠬᠤᠳᠠᠯᠳᠤᠨ ᠠᠪᠤᠭᠰᠠᠨ ᠡᠮ ᠤᠨ ᠵᠦᠢᠯ ᠢ | ᠡᠮ ᠤᠨ ᠳᠡᠯᠭᠡᠭᠦᠷ ᠲᠤ ᠤᠷᠤᠭᠤᠯᠤᠨ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠡᠬᠢᠯᠡᠨ ᠬᠡᠷᠡᠭᠵᠢᠭᠦᠯᠵᠦ᠂ | ᠡᠮ ᠤᠨ ᠵᠦᠢᠯ ᠤᠨ ᠪᠣᠷᠤᠯᠠᠭᠤᠯᠭ᠎ᠠ ᠶᠢᠨ ︽ᠡᠴᠦᠰ ᠤᠨ ᠨᠢᠭᠡ ᠮᠧᠲᠷ︾ ᠢ ᠨᠡᠪᠳᠡᠷᠡᠬᠦᠯᠦᠨ᠂ ︽ᠦᠨ᠎ᠡ ᠶᠢ | ᠪᠠᠭᠤᠷᠠᠭᠤᠯᠬᠤ︾᠂ ︽ᠬᠤᠳᠠᠯᠳᠤᠨ ᠠᠪᠬᠤ ᠳᠤ ᠲᠥᠬᠦᠮ ᠦᠵᠡᠭᠦᠯᠬᠦ︾ ᠠᠰᠠᠷᠠᠮᠵᠢ ᠶᠢ ᠣᠯᠠᠨ ᠲᠦᠮᠡᠨ ᠳᠤ | ᠬᠦᠷᠭᠡᠭᠰᠡᠨ ᠪᠠᠶᠢᠨ᠎ᠠ᠃ |