ᠠᠯᠠᠱᠠ ᠶᠢᠨ ᠲᠡᠮᠡᠭᠡᠨ ᠤ ᠠᠵᠤ ᠦᠢᠯᠡᠰ ᠰᠢᠨᠵᠢᠯᠡᠭᠡ ᠮᠡᠷᠬᠡᠵᠢᠯ ᠤᠨ ᠰᠤᠳᠤᠯᠭᠠᠨ ᠤ ᠭᠤᠷᠪᠠᠨ ᠳᠠᠪᠬᠤᠷ ᠪᠣᠭᠤᠮᠲᠠ ᠶᠢ ᠠᠮᠵᠢᠯᠳᠠ ᠲᠠᠢ ᠰᠢᠪᠳᠤᠯᠪᠠ
ᠨᠡᠶᠢᠲᠡᠯᠡᠭᠰᠡᠨ ᠴᠠᠭ᠄
2024/8/9
    ᠣᠶᠢᠷ᠎ᠠ ᠶᠢᠨ ᠵᠢᠯ ᠳᠤ᠂ ᠠᠶᠢᠮᠠᠭ ᠤᠨ ᠰᠢᠨᠵᠢᠯᠡᠭᠡ ᠮᠡᠷᠭᠡᠵᠢᠯ ᠤᠨ ᠲᠣᠪᠴᠢᠶ᠎ᠠ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠪᠠ ᠬᠡᠷᠡᠭᠴᠡᠭᠡ ᠱᠠᠭᠠᠷᠳᠠᠯᠭ᠎ᠠ ᠳᠤ ᠴᠢᠭᠯᠡᠬᠦᠯᠦᠨ᠂ ᠴᠢᠳᠠᠪᠤᠷᠢᠲᠠᠨ ᠢ ᠬᠥᠮᠥᠵᠢᠭᠦᠯᠬᠦ᠂ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠤᠨ ᠠᠰᠢᠭᠯᠠᠬᠤ ᠭᠤᠷᠪᠠᠨ ᠳᠠᠪᠬᠤᠷ ᠪᠣᠭᠤᠮᠲᠠ ᠶᠢ ᠠᠮᠵᠢᠯᠳᠠ ᠲᠠᠢ ᠰᠢᠪᠲᠤᠯᠵᠤ᠂ ᠠᠵᠤ ᠦᠢᠯᠡᠰ ᠤᠨ ᠬᠥᠭᠵᠢᠯᠲᠡ ᠶᠢᠨ ᠥᠷᠭᠡᠴᠡ ᠪᠠ ᠭᠦᠨᠴᠡ ᠶᠢ ᠨᠡᠮᠡᠭᠳᠡᠬᠦᠯᠪᠡ᠃    ᠴᠢᠳᠠᠪᠤᠷᠢᠲᠠᠨ ᠢᠶᠠᠷ ᠡᠩᠨᠡᠭᠡ ᠶᠢ ᠬᠥᠮᠥᠵᠢᠭᠦᠯᠦᠨ ᠬᠦᠴᠦᠷᠬᠡᠭᠵᠢᠭᠦᠯᠵᠦ᠂ ᠦᠷ᠎ᠡ ᠪᠦᠲᠦᠭᠡᠯ ᠢ ᠪᠤᠳᠠᠳᠠᠶᠢᠵᠢᠭᠤᠯᠬᠤ ᠪᠣᠭᠤᠮᠲᠠ ᠶᠢ ᠰᠢᠪᠲᠤᠯᠪᠠ᠃ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠵᠢᠷᠤᠮᠳᠣ ᠫᠷᠤᠹᠧᠰᠰᠤᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠢ ᠤᠷᠢᠨ ᠤᠷᠤᠭᠤᠯᠵᠤ᠂ ᠠᠯᠠᠱᠠ ᠪᠠᠷᠠᠭᠤᠨ ᠬᠤᠰᠢᠭᠤᠨ ᠳᠤ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ — ᠥᠪᠥᠷ ᠮᠣᠩᠭᠤᠯ ᠤᠨ ᠳᠤᠮᠳᠠᠳᠤ ᠺᠠᠽᠠᠭᠰᠲ᠋ᠠᠨ ᠤ ᠲᠡᠮᠡᠭᠡᠨ ᠤ ᠰᠤᠳᠤᠯᠭᠠᠨ ᠤ ᠬᠦᠷᠢᠶᠡᠯᠡᠩ ᠢ ᠪᠠᠶᠢᠭᠤᠯᠤᠨ᠂ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠳᠠᠭᠠᠭᠠᠨ ᠠᠪᠴᠤ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠦᠨ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢ ᠨᠥᠯᠥᠭᠡᠯᠡᠨ ᠳᠠᠶᠢᠴᠢᠯᠠᠪᠠ᠃ ᠰᠤᠳᠤᠯᠤᠨ ᠨᠡᠭᠡᠭᠡᠬᠦ ᠪᠦᠯᠬᠦᠮ ᠳᠤ ᠣᠲᠣ 10 ᠭᠠᠷᠤᠢ ᠲᠤᠰᠬᠠᠢ ᠮᠡᠷᠭᠡᠵᠢᠯᠲᠡᠨ ᠡᠷᠳᠡᠮᠲᠡᠨ ᠪᠠᠶᠢᠬᠤ ᠪᠦᠬᠡᠳ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠬᠠᠮᠲᠤᠷᠠᠨ ᠳ᠋ᠣᠺᠲ᠋ᠣᠷ᠂ ᠠᠰᠫᠢᠷᠠᠨᠲ 117 ᠬᠦᠮᠦᠨ ᠢ ᠬᠥᠮᠥᠵᠢᠭᠦᠯᠵᠡᠢ︔ ᠲᠡᠮᠡᠭᠡᠨ ᠤ ᠬᠠᠮᠢᠶ᠎ᠠ ᠪᠦᠬᠦᠢ ᠦᠢᠯᠡᠳᠬᠦᠨ ᠤ ᠬᠡᠷᠡᠭᠵᠢᠭᠦᠯᠬᠦ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ 100 ᠭᠠᠷᠤᠢ ᠡᠷᠳᠡᠮ ᠰᠢᠨᠵᠢᠯᠡᠭᠡᠨ ᠤ ᠥᠭᠦᠯᠡᠯ ︵ᠡᠭᠦᠨ ᠳᠤ SCI ᠳᠤ 58 ᠥᠭᠦᠯᠡᠯ ᠨᠡᠶᠢᠳᠡᠯᠡᠪᠡ︶ ᠨᠡᠶᠢᠲᠡᠯᠡᠵᠦ᠂ 19 ᠨᠣᠮ ᠬᠡᠪᠯᠡᠬᠦᠯᠦᠨ᠂ 13 ᠲᠤᠰᠬᠠᠢ ᠠᠰᠢᠭ ︵ᠨᠢᠭᠡᠨᠲᠡ 8 ᠵᠦᠢᠯ ᠳᠤ ᠡᠷᠬᠡ ᠣᠯᠭᠤᠪᠠ︶ ᠢ ᠭᠤᠶᠤᠴᠢᠯᠠᠵᠤ᠂ ᠢᠩᠭᠡᠨ ᠰᠦ᠂ ᠲᠡᠮᠡᠭᠡᠨ ᠥᠭᠡᠬᠦ᠂ ᠲᠡᠮᠡᠭᠡᠨ ᠮᠢᠬᠠᠨ ᠤ ᠪᠦᠲᠦᠭᠡᠭᠳᠡᠬᠦᠨ ᠵᠡᠷᠬᠡ 30 ᠭᠠᠷᠤᠢ ᠵᠦᠢᠯ ᠢ ᠪᠡᠶ᠎ᠡ ᠪᠠᠨ ᠳᠠᠭᠠᠭᠠᠵᠤ ᠰᠤᠳᠤᠯᠤᠨ ᠦᠢᠯᠡᠳᠦᠭᠰᠡᠨ ᠪᠠᠶᠢᠨ᠎ᠠ᠃    ᠰᠢᠨᠵᠢᠯᠡᠬᠦ ᠤᠬᠠᠭᠠᠨ ᠤ ᠰᠤᠳᠤᠯᠭᠠᠨ ᠢ ᠴᠢᠬᠤᠯᠠᠴᠢᠯᠠᠵᠤ᠂ ᠮᠡᠷᠭᠡᠵᠢᠯ ᠤᠨ ᠪᠣᠭᠤᠮᠲᠠ ᠶᠢ ᠰᠢᠪᠲᠤᠯᠪᠠ᠃ ᠪᠦᠯᠬᠦᠮ ᠤᠨ ᠪᠦᠷᠢᠯᠳᠦᠭᠦᠨ ᠨᠠᠷ ᠲᠡᠮᠡᠭᠡᠨ ᠤ ᠭᠧᠨ ᠤ ᠪᠦᠯᠦᠭ᠂  ᠨᠠᠨᠣᠮᠧᠲᠷ ᠤᠨ ᠡᠰᠡᠷᠭᠦᠴᠡᠭᠴᠢ᠂ ᠲᠡᠮᠡᠭᠡᠨ ᠤ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠢᠩᠭᠡᠨ ᠰᠦ ᠶᠢᠨ ᠹᠢᠽᠢᠺ ᠬᠢᠮᠢ ᠶᠢᠨ ᠣᠨᠴᠠᠯᠢᠭ ᠢ ᠰᠤᠳᠤᠯᠬᠤ᠂ ᠲᠦᠷᠦᠯ ᠵᠦᠢᠯ ᠢ ᠲᠣᠭᠲᠠᠭᠠᠨ ᠬᠡᠷᠡᠭᠵᠢᠭᠦᠯᠦᠭᠰᠡᠨ ᠦᠷ᠎ᠡ ᠪᠦᠲᠦᠭᠡᠯ ᠢ ᠬᠤᠪᠢᠷᠠᠭᠤᠯᠬᠤ᠂ ᠰᠠᠭᠤᠷᠢ ᠰᠤᠳᠤᠯᠭᠠᠨ᠂ ᠮᠡᠷᠭᠡᠵᠢᠯ ᠤᠨ ᠪᠣᠭᠤᠮᠲᠠ ᠰᠢᠪᠲᠤᠯᠬᠤ ᠵᠡᠷᠭᠡ ᠣᠷᠣᠨ ᠠᠶᠢᠮᠠᠭ ᠤᠨ ᠲᠡᠰ ᠤᠨ 13 ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠢ ᠪᠡᠶᠡᠯᠡᠬᠦᠯᠵᠦ᠂ ᠠᠯᠢ ᠤᠯᠠᠨ ᠰᠢᠨ᠎ᠡ ᠶᠢ ᠡᠬᠦᠳᠦᠭᠰᠡᠨ ᠰᠤᠳᠤᠯᠭᠠᠨ ᠤ ᠦᠷ᠎ᠡ ᠪᠦᠲᠦᠭᠡᠯ ᠢ ᠣᠯᠵᠠᠢ᠃ ︽ᠲᠡᠮᠡᠭᠡᠨ ᠤ ᠭᠧᠨ ᠤ ᠪᠦᠯᠦᠭᠯᠡᠯ ᠤᠨ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ︾ ᠪᠠ ︽ᠲᠡᠮᠡᠭᠡᠨ ᠤ ᠬᠦᠨᠳᠦ ᠬᠡᠯᠬᠢᠶᠡᠲᠦ ᠠᠨᠲ᠋ᠢᠪᠤᠳᠢ ︵ᠨᠠᠨᠣᠮᠧᠲᠷ ᠤᠨ ᠠᠨᠲ᠋ᠢᠪᠤᠳᠢ︶ ᠶᠢᠨ ᠰᠣᠶᠣᠯ ᠤᠨ ᠬᠥᠮᠥᠷᠭᠡ ᠶᠢᠨ ᠪᠠᠶᠢᠭᠤᠯᠤᠯᠲᠠ︾ ᠭᠡᠬᠦ ᠬᠤᠶᠠᠷ ᠵᠦᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠨᠢ ᠳᠡᠯᠡᠬᠡᠢ ᠶᠢᠨ ᠬᠤᠭᠤᠰᠤᠨ ᠢ ᠨᠥᠬᠦᠪᠦᠷᠢᠯᠡᠪᠡ᠃ ᠳᠡᠯᠡᠬᠡᠢ ᠳᠡᠭᠡᠷᠡᠬᠢ ᠬᠠᠮᠤᠭ ᠤᠨ ᠲᠣᠮᠣ ᠪᠥᠭᠡᠳ ᠴᠤᠷᠢ ᠶᠢᠨ ᠭᠠᠭᠴᠠ ᠲᠡᠮᠡᠭᠡᠨ ᠤ ᠭᠧᠨ ᠤ ᠪᠦᠯᠦᠭ ᠤᠨ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠤᠨ᠂ ᠲᠡᠮᠡᠭᠡᠨ ᠤ ᠡᠰᠡᠷᠭᠦᠴᠡᠭᠴᠢ ᠶᠢᠨ ᠭᠧᠨ ᠤ ᠬᠠᠮᠤᠭ ᠤᠨ ᠪᠦᠷᠢᠨ ᠪᠦᠲᠦᠨ ᠮᠡᠳᠡᠭᠡ ᠵᠠᠩᠭᠢ ᠶᠢ ᠴᠤᠭᠯᠠᠭᠤᠯᠤᠨ᠂ ᠲᠡᠮᠡᠭᠡᠨ ᠤ ᠨᠠᠨᠣᠮᠧᠲᠷ ᠤᠨ ᠡᠰᠡᠷᠭᠦᠴᠡᠭᠴᠢ ᠶᠢᠨ ᠬᠠᠪᠤᠳᠠᠷ᠂ ᠢᠳᠡᠭᠡᠨ ᠳᠤ ᠬᠤᠣᠷᠳᠠᠭᠳᠠᠬᠤ᠂ ᠬᠠᠯᠳᠠᠪᠤᠷᠢᠯᠠᠯ ᠤᠨ ᠴᠢᠨᠠᠷᠲᠠᠢ ᠡᠪᠡᠳᠴᠢᠨ ᠵᠡᠷᠭᠡ ᠳᠤ ᠦᠵᠡᠭᠦᠯᠬᠦ ᠡᠮᠴᠢᠯᠡᠭᠡᠨ ᠤ ᠰᠡᠷᠭᠡᠶᠢᠯᠡᠨ ᠵᠠᠰᠠᠬᠤ ᠦᠢᠯᠡᠳᠦᠯ ᠢ ᠢᠯᠡᠷᠡᠭᠦᠯᠪᠡ︔ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡ ᠮᠡᠷᠭᠡᠵᠢᠯ ᠤᠨ ᠴᠢᠬᠤᠯᠠ ᠶᠡᠭᠡ ᠲᠤᠰᠬᠠᠢ ᠲᠥᠷᠥᠯ ︽ᠲᠡᠮᠡᠭᠡᠨ ᠤ ᠭᠧᠨ ᠤ ᠡᠬᠢ ᠪᠠᠶᠠᠯᠢᠭ ᠤᠨ ᠠᠰᠢᠭᠯᠠᠯᠲᠠ ᠵᠢᠴᠢ ᠠᠵᠤ ᠦᠢᠯᠡᠰᠵᠢᠯᠲᠡ ᠶᠢᠨ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠬᠢᠭᠡᠳ ᠦᠯᠢᠬᠡᠷ ᠵᠢᠱᠢᠶ᠎ᠡ︾ ᠨᠢ 2022 ᠣᠨ ᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠢ ᠭᠥᠷᠳᠡᠪᠡ᠃ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠰᠢᠨ᠎ᠡ ᠬᠡᠯᠪᠡᠷᠢ ᠶᠢᠨ ᠲᠡᠵᠢᠭᠡᠨ ᠦᠷᠡᠵᠢᠭᠦᠯᠬᠦ ᠵᠠᠭᠪᠤᠷ ᠢ ᠡᠭᠦᠳᠦᠨ ᠪᠠᠶᠢᠭᠤᠯᠬᠤ᠂ ᠵᠦᠢ ᠵᠣᠬᠢᠰᠲᠠᠢ ᠪᠠᠷ ᠲᠡᠵᠢᠭᠡᠯ ᠨᠥᠬᠦᠪᠦᠷᠢᠯᠡᠬᠦ ᠪᠠ ᠰᠢᠨᠵᠢᠯᠡᠬᠦ ᠤᠬᠠᠭᠠᠨᠴᠢ ᠪᠠᠷ ᠳᠠᠰᠬᠠᠵᠦ ᠰᠤᠷᠭᠠᠬᠤ ᠵᠡᠷᠭᠡ ᠠᠷᠭ᠎ᠠ ᠵᠠᠮ ᠢᠶᠠᠷ ᠢᠩᠭᠡᠨ ᠰᠦ ᠶᠢᠨ ᠭᠠᠷᠤᠯᠲᠠ ᠳᠣᠣᠷ᠎ᠠ ᠪᠠᠶᠢᠬᠤ ᠮᠡᠷᠭᠡᠵᠢᠯ ᠤᠨ ᠪᠣᠭᠤᠮᠢ ᠶᠢ ᠰᠢᠪᠲᠤᠯᠤᠭᠰᠠᠨ ᠪᠥᠭᠡᠳ ᠢᠩᠭᠡᠨ ᠰᠦ ᠶᠢᠨ ᠪᠦᠲᠦᠭᠡᠭᠳᠡᠬᠦᠨ ᠢ ᠠᠵᠤ ᠦᠢᠯᠡᠰᠵᠢᠭᠦᠯᠬᠦ ᠲᠠᠯ᠎ᠠ ᠪᠠᠷ ᠮᠡᠷᠭᠡᠵᠢᠯ ᠤᠨ ᠰᠤᠳᠤᠯᠭᠠᠨ ᠥᠷᠨᠢᠭᠦᠯᠪᠡ︔ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠲᠤᠰᠬᠠᠢ ᠵᠦᠢᠯ ᠤᠨ ︽ᠲᠡᠮᠡᠭᠡᠨ ᠤ ᠥᠭᠡᠬᠦ ᠰᠦ ᠶᠢᠨ ᠭᠤᠶᠣᠯᠠᠯ ᠤᠨ ᠡᠳ᠋ ᠤᠨ ᠭᠦᠨᠵᠡᠭᠡᠢ ᠰᠤᠳᠤᠯᠤᠯ ᠪᠠ ᠠᠵᠤ ᠦᠢᠯᠡᠰᠵᠢᠯᠲᠡ ᠶᠢᠨ ᠰᠢᠮᠡᠵᠢᠭᠦᠯᠬᠦ᠂ ᠴᠢᠭᠢᠭ ᠬᠠᠳᠠᠭᠠᠯᠠᠬᠤ᠂ ᠤᠰᠤ ᠨᠥᠬᠦᠬᠦ ᠴᠢᠳᠠᠮᠵᠢ ᠲᠠᠢ ᠢᠩᠭᠡᠨ ᠰᠦ ᠶᠢᠨ ᠴᠠᠶᠢᠪᠠᠩ᠂ ᠲᠡᠮᠡᠭᠡᠨ ᠪᠦᠬᠦ ᠶᠢᠨ ᠭᠠᠷ ᠤᠨ ᠲᠣᠰᠣ ᠪᠠ ᠲᠡᠮᠡᠭᠡᠨ ᠪᠦᠬᠦ ᠶᠢᠨ ᠤᠷᠤᠭᠤᠯ ᠤᠨ ᠪᠤᠳᠤᠭ ᠵᠡᠷᠭᠡ ᠰᠢᠨ᠎ᠡ ᠮᠠᠶ᠋ᠢᠭ ᠤᠨ ᠭᠤᠶᠣᠯᠠᠯ ᠤᠨ ᠡᠳ᠋ ᠢ ᠠᠮᠵᠢᠯᠳᠠ ᠲᠠᠢ ᠰᠤᠳᠤᠯᠤᠨ ᠨᠡᠬᠡᠬᠡᠭᠰᠡᠨ ᠪᠦᠬᠡᠳ ᠮᠡᠷᠭᠡᠵᠢᠯ ᠨᠢ ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠲᠦᠪᠰᠢᠨ ᠳᠤ ᠬᠦᠷᠴᠦ᠂ ︽ᠤᠯᠤᠰ ᠠᠴᠠ ᠨᠢᠭᠡᠨᠲᠡ ᠬᠡᠷᠡᠭᠯᠡᠵᠦ ᠪᠠᠶᠢᠭ᠎ᠠ ᠭᠤᠶᠣᠯᠠᠯ ᠤᠨ ᠡᠳ᠋ ᠤᠨ ᠲᠦᠭᠦᠬᠡᠢ ᠮᠠᠲ᠋ᠧᠷᠢᠶᠠᠯ ᠤᠨ ᠭᠠᠷᠴᠠᠭ︾ ᠲᠤ ᠣᠷᠣᠭᠤᠯᠤᠭᠰᠠᠨ ᠪᠠᠶᠢᠨ᠎ᠠ᠃    ᠵᠠᠬ᠎ᠠ ᠳᠡᠯᠭᠡᠭᠦᠷ ᠲᠤ ᠭᠠᠷᠭᠠᠨ᠂ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠪᠣᠭᠤᠮᠲᠠ ᠶᠢ ᠰᠢᠪᠲᠤᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ 2 ᠵᠦᠢᠯ ᠢ ᠵᠠᠬ᠎ᠠ ᠳᠡᠯᠭᠡᠭᠦᠷ ᠲᠤ ᠭᠠᠷᠭᠠᠨ᠂ ᠲᠤᠰᠬᠠᠢ ᠡᠷᠬᠡ ᠶᠢᠨ ᠮᠡᠷᠭᠡᠵᠢᠯ᠂ ᠢᠩᠭᠡᠨ ᠰᠦ ᠶᠢᠨ ᠪᠠᠷᠢᠮᠵᠢᠶ᠎ᠠ᠂ ᠡᠳ᠋ᠰᠢᠭᠦᠯᠦᠨ ᠪᠣᠯᠪᠠᠰᠤᠷᠠᠭᠤᠯᠬᠤ ᠤᠷ᠎ᠠ ᠮᠡᠷᠭᠡᠵᠢᠯ ᠵᠡᠷᠭᠡ ᠶᠢ ᠥᠪᠥᠷ ᠮᠣᠩᠭᠤᠯ ᠤᠨ ᠱᠠ ᠮᠦᠸᠧ ᡁᠢ ᠱᠧᠨ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠢᠶᠠᠨ ᠲᠦᠸᠧ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠠᠮᠵᠢᠯᠲᠠ ᠲᠠᠢ ᠪᠠᠷ ᠤᠯᠠᠷᠢᠭᠤᠯᠤᠨ ᠨᠠᠶᠢᠳᠠᠪᠤᠷᠢᠵᠢᠭᠤᠯᠪᠠ᠃ ᠪᠠᠺᠲ᠋ᠧᠷᠢ ᠤᠰᠠᠳᠬᠠᠭᠰᠠᠨ ᠢᠩᠭᠡᠨ ᠰᠦ᠂ ᠢᠩᠭᠡᠨ ᠤᠭᠤᠷᠠᠭ ᠤᠨ ᠲᠠᠯᠬ᠎ᠠ ᠪᠠ ᠲᠡᠮᠡᠭᠡᠨ ᠰᠦ ᠶᠢᠨ ᠬᠠᠪᠳᠠᠭᠠᠢ ᠵᠡᠷᠬᠡ 3 ᠦᠢᠯᠡᠳᠪᠦᠷᠢᠯᠡᠯ ᠤᠨ ᠱᠤᠭᠤᠮ ᠢ ᠪᠠᠶᠢᠭᠤᠯᠤᠨ ᠠᠰᠢᠭᠯᠠᠯᠲᠠ ᠳᠤ ᠤᠷᠤᠭᠤᠯᠪᠠ᠃ ᠢᠩᠭᠡᠨ ᠤ ᠰᠢᠩᠭᠡᠨ ᠤᠭᠤᠷᠠᠭ᠂ ᠢᠩᠬᠡᠨ ᠤᠭᠤᠷᠠᠭ ᠤᠨ ᠲᠠᠯᠬ᠎ᠠ᠂ ᠬᠡᠦᠬᠡᠳ ᠤᠨ ᠬᠡᠷᠡᠭᠯᠡᠭᠡᠨ ᠤ ᠢᠩᠭᠡᠨ ᠰᠦ ᠶᠢᠨ ᠲᠠᠯᠬ᠎ᠠ ᠵᠡᠷᠭᠡ 5 ᠵᠦᠢᠯ ᠤᠨ ᠦᠢᠯᠡᠳᠬᠦᠨ ᠢ ᠨᠡᠭᠡᠭᠡᠨ ᠬᠥᠭᠵᠢᠭᠦᠯᠵᠦ᠂ ᠢᠩᠭᠡᠨ ᠤᠭᠤᠷᠠᠭ ᠤᠨ ᠨᠢᠭᠤᠷ ᠤᠨ ᠲᠣᠰᠣ᠂ ᠨᠢᠭᠤᠷ ᠤᠨ ᠵᠤᠯᠤᠮ᠎ᠠ ᠵᠡᠷᠭᠡ 28 ᠵᠦᠢᠯ ᠤᠨ ᠰᠢᠷᠢᠰ ᠭᠤᠶᠣᠯᠠᠯ ᠤᠨ ᠡᠳ᠋ ᠢ ᠰᠤᠳᠤᠯᠵᠤ ᠦᠢᠯᠡᠳᠦᠨ᠂ ᠢᠩᠭᠡᠨ ᠰᠦ ᠶᠢᠨ ᠦᠢᠯᠡᠳᠬᠦᠨ ᠢ ᠠᠵᠤ ᠦᠢᠯᠡᠰᠵᠢᠭᠦᠯᠦᠨ ᠦᠢᠯᠡᠳᠪᠦᠷᠢᠯᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠦᠷ᠎ᠡ ᠠᠰᠢᠭ ᠢ ᠶᠡᠭᠡ ᠪᠠᠷ ᠳᠡᠭᠡᠭᠰᠢᠯᠡᠬᠦᠯᠦᠬᠡᠳ᠂ ᠵᠥᠪᠬᠡᠨ 2023 ᠣᠨ ᠤ ᠨᠢᠭᠡ ᠵᠢᠯ ᠤᠨ ᠦᠢᠯᠡᠳᠬᠦᠨ ᠤ ᠥᠷᠲᠡᠭ 8300 ᠲᠦᠮᠡᠨ ᠲᠥᠭᠦᠷᠢᠭ ᠲᠤ ᠬᠦᠷᠦᠭᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号