ᠮᠠᠨ ᠤ ᠠᠶᠢᠮᠠᠭ ᠤᠨ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢᠯᠡᠳᠲᠡ ᠦᠷ᠎ᠡ ᠪᠦᠲᠦᠮᠵᠢ ᠤᠯᠵᠤ ᠡᠮ ᠤᠨ ᠵᠦᠢᠯᠡᠰ ᠤᠨ ᠦᠨ᠎ᠡ ᠪᠠᠭᠤᠷᠠᠨ ᠠᠷᠠᠳ ᠤᠯᠠᠨ ᠤ ᠪᠠᠶᠠᠷ ᠤᠨ ᠮᠠᠩᠨᠠᠢ ᠳᠡᠨᠢᠢᠪᠡ
ᠨᠡᠶᠢᠲᠡᠯᠡᠭᠰᠡᠨ ᠴᠠᠭ᠄
2024/8/9
    ᠨᠢᠬᠡ ᠰᠢᠳᠦ ᠳᠠᠷᠢᠭᠤᠯᠬᠤ ᠳᠤ ᠨᠢᠭᠡ ᠲᠦᠮᠡ ᠭᠠᠷᠤᠢ ᠳᠦᠬᠦᠷᠢᠭ ᠪᠠᠶᠢᠭᠰᠠᠨ ᠠᠴᠠ ᠳᠦᠷᠪᠡ ᠲᠠᠪᠤᠨ ᠮᠢᠩᠭᠠᠨ ᠳᠦᠬᠦᠷᠢᠭ ᠪᠤᠯᠵᠤ᠂ ᠨᠢᠭᠡ ᠬᠠᠶᠢᠷᠴᠠᠭ ᠡᠮ ᠵᠢᠷᠨ ᠳᠠᠯᠠᠨ ᠳᠦᠬᠦᠷᠢᠭ ᠪᠠᠶᠢᠭᠰᠠᠨ ᠠᠴᠠ ᠳᠦᠷᠪᠡ ᠲᠠᠪᠤᠨ ᠲᠥᠭᠦᠷᠢᠭ ᠪᠤᠯᠪᠠ ᠁ ᠡᠲᠡᠭᠡᠷ ᠶᠡᠭᠡ ᠬᠡᠮᠵᠢᠶ᠎ᠠ ᠪᠠᠷ ᠦᠨ᠎ᠠ ᠪᠠᠭᠤᠷᠠᠵᠦ ᠪᠠᠶᠢᠭ᠎ᠠ ᠨᠢ ᠶᠠᠮᠠᠷ ᠨᠢᠭᠡᠨ ᠴᠠᠬᠢᠯᠭᠠᠨ ᠬᠡᠷᠡᠭᠰᠡᠯ ᠪᠤᠶᠤ ᠭᠤᠶᠣᠯᠠᠯ ᠤᠨ ᠡᠳ᠋ ᠪᠢᠰᠢ᠂ ᠬᠡᠲᠦ ᠳᠡᠯᠭᠡᠭᠦᠷ ᠤᠨ ᠬᠢᠮᠳᠡᠷᠡᠯ ᠲᠠᠢ ᠪᠣᠷᠤᠯᠠᠭᠤᠯᠭ᠎ᠠ ᠨᠡᠩ ᠴᠤ ᠪᠢᠰᠢ᠂ ᠬᠠᠷᠢᠨ ᠮᠠᠨ ᠤ ᠠᠶᠢᠮᠠᠭ ᠤᠯᠤᠰ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠠᠷᠠᠳ ᠢᠷᠭᠡᠳ ᠤᠨ ᠪᠠᠶᠢᠩᠭᠤ ᠬᠡᠷᠡᠭᠯᠡᠬᠦ ᠡᠮ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠶᠢᠨ ︽ᠬᠥᠮᠥᠨ ᠢ ᠰᠣᠴᠢᠭᠠᠮ᠎ᠠ︾ ᠬᠤᠪᠢᠷᠠᠯᠲᠠ ᠪᠤᠯᠤᠨ᠎ᠡ᠃    ᠡᠨᠡ ᠵᠢᠯ 62 ᠨᠠᠰᠤᠲᠠᠢ ᠯᠢᠦ ᠱᠤ᠋ ᠰᠢᠶᠠ ᠪᠣᠯ ᠪᠠᠶᠠᠨᠬᠤᠲᠠ ᠶᠢᠨ ᠰᠠᠭᠤᠭᠠᠯᠢ ᠠᠷᠠᠳ᠃ ᠲᠠᠪᠤᠨ ᠵᠢᠯ ᠤᠨ ᠡᠮᠦᠨ᠎ᠡ ᠰᠢᠬᠢᠷ ᠰᠢᠵᠢᠩ ᠡᠪᠡᠳᠴᠢᠨ ᠳᠤ ᠨᠡᠷᠪᠡᠭᠳᠡᠨ᠂ ᠡᠳᠦᠷ ᠪᠦᠷᠢ ᠠᠺᠠᠫᠤᠯᠤᠰ ᠤᠤᠭᠤᠵᠤ ᠴᠢᠰᠤᠨ ᠰᠢᠬᠢᠷ ᠢᠶᠠᠨ ᠬᠢᠵᠠᠭᠠᠷᠯᠠᠵᠦ᠂ ᠨᠢᠭᠡ ᠰᠠᠷ᠎ᠠ ᠳᠤ ᠪᠠᠷᠤᠭ ᠭᠤᠷᠪᠠᠨ ᠬᠠᠶᠢᠷᠴᠠᠭ ᠡᠮ ᠤᠤᠭᠤᠵᠤ ᠪᠠᠶᠢᠳᠠᠭ᠃ ︽ᠮᠢᠨᠤ ᠤᠤᠭᠤᠵᠤ ᠪᠠᠶᠢᠭ᠎ᠠ ᠨᠢᠬᠡ ᠬᠠᠶᠢᠷᠴᠠᠭ 50mg × 30 ᠠᠺᠠᠫᠤᠯᠤᠰ ᠬᠠᠪᠲᠠᠭᠠᠢ ᠦᠷᠢᠯ ᠨᠢ ᠬᠡᠳᠦᠨ ᠵᠢᠯ ᠤᠨ ᠡᠮᠦᠨ᠎ᠡ 60 ᠭᠠᠷᠤᠢ ᠲᠥᠭᠦᠷᠢᠭ ᠪᠠᠶᠢᠪᠠ᠂ ᠡᠮ ᠤᠨ ᠵᠦᠢᠯᠡᠰ ᠢ ᠲᠥᠪᠯᠡᠷᠡᠭᠦᠯᠦᠨ ᠬᠤᠳᠠᠯᠳᠤᠨ ᠠᠪᠬᠤ ᠪᠤᠯᠤᠭᠰᠠᠨ ᠠᠴᠠ ᠨᠠᠭᠠᠰᠢ ᠬᠠᠶᠢᠷᠴᠠᠭ ᠪᠦᠷᠢ ᠶᠢᠨ ᠦᠨ᠎ᠡ ᠨᠢ 5 ᠲᠥᠭᠦᠷᠢᠭ ᠭᠠᠷᠤᠢ ᠪᠣᠯᠵᠤ᠂ ᠡᠮ ᠡᠮᠨᠡᠯᠭᠡ ᠶᠢᠨ ᠳᠠᠭᠠᠳᠬᠠᠯ ᠠᠴᠠ ᠶᠡᠬᠡᠩᠬᠢ ᠬᠡᠰᠡᠭ ᠢ ᠨᠢ ᠳᠠᠩᠰᠠᠨ ᠠᠴᠠ ᠲᠠᠶᠢᠯᠵᠤ ᠥᠭᠴᠡᠢ᠃ ᠤᠯᠤᠰ ᠤᠨ ᠲᠥᠷᠥ ᠶᠢᠨ ᠪᠣᠳᠣᠯᠭ᠎ᠠ ᠳᠤ ᠳᠠᠯᠠᠷᠬᠠᠵᠦ ᠪᠠᠶᠢᠨ᠎ᠠ᠂ ᠡᠨᠡ ᠪᠦᠬᠦᠨ ᠨᠢ ᠨᠠᠳᠠ ᠲᠠᠢ ᠠᠳᠠᠯᠢ ᠤᠳᠠᠭᠠᠨ ᠴᠢᠨᠠᠷᠲᠠᠢ ᠡᠪᠡᠳᠴᠢᠲᠡᠨ ᠤ ᠡᠮ ᠬᠡᠷᠡᠭᠯᠡᠬᠦ ᠳᠠᠷᠤᠭᠠᠰᠤ ᠶᠢ ᠬᠥᠩᠭᠡᠯᠡᠭᠰᠡᠨ ᠪᠠᠶᠢᠨ᠎ᠠ︾ ᠬᠡᠵᠦ ᠳᠡᠷᠡ ᠪᠠᠶᠠᠷᠯᠠᠨ ᠶᠠᠷᠢᠨ᠎ᠠ᠃    ᠤᠯᠤᠰ ᠠᠴᠠ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠬᠤ ᠪᠣᠯ ᠲᠥᠪ ᠤᠨ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ 2019 ᠣᠨ ᠳᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠥᠷᠨᠢᠭᠦᠯᠦᠭᠰᠡᠨ ᠠᠴᠠ ᠨᠠᠭᠠᠰᠢ ᠂ ᠮᠠᠨ ᠤ ᠠᠶᠢᠮᠠᠭ ᠤᠯᠤᠰ ᠪᠠ ᠮᠤᠵᠢ ᠤᠷᠤᠨ ᠤ ᠬᠤᠭᠤᠷᠣᠨᠳᠣᠬᠢ ᠬᠤᠯᠪᠣᠭ᠎ᠠ ᠶᠢᠨ ᠵᠣᠬᠢᠶᠠᠨ ᠪᠠᠶᠢᠭᠤᠯᠤᠭᠰᠠᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠪᠥᠬᠦ ᠲᠠᠯ᠎ᠠ ᠪᠠᠷ ᠠᠬᠢᠭᠤᠯᠵᠡᠢ᠃    ᠤᠳᠤ ᠪᠤᠯᠳᠠᠯ᠎ᠠ᠂ ᠮᠠᠨ ᠤ ᠠᠶᠢᠮᠠᠭ ᠨᠢᠭᠡᠨᠲᠡ ᠤᠯᠤᠰ ᠪᠠ ᠮᠤᠵᠢ ᠤᠷᠤᠨ ᠤ ᠬᠤᠭᠤᠷᠣᠨᠳᠣᠬᠢ ᠬᠤᠯᠪᠣᠭ᠎ᠠ ᠶᠢᠨ ᠵᠤᠬᠢᠶᠠᠨ ᠪᠠᠶᠢᠭᠤᠯᠤᠭᠰᠠᠨ 17 ᠪᠦᠯᠦᠭ ᠤᠳᠠᠭ᠎ᠠ ᠶᠢᠨ ᠨᠡᠶᠢᠲᠡ 607 ᠲᠥᠷᠥᠯ ᠤᠨ ᠡᠮ ᠤᠨ ᠵᠦᠢᠯ ᠪᠠ 25 ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠠᠵᠢᠯ ᠢ ᠨᠠᠶᠢᠳᠠᠪᠤᠷᠢᠵᠢᠭᠤᠯᠵᠤ᠂ ᠳᠤᠮᠳᠠ ᠠᠴᠠ ᠨᠢ ᠰᠣᠩᠭᠤᠭᠰᠠᠨ ᠦᠢᠯᠡᠳᠬᠦᠨ ᠤ ᠦᠨ᠎ᠡ ᠬᠠᠩᠰᠢ ᠶᠢᠨ ᠳᠤᠮᠳᠠᠴᠢ ᠪᠠᠭᠤᠷᠠᠯᠲᠠ ᠶᠢᠨ ᠬᠡᠮᠵᠢᠶ᠎ᠡ ᠨᠢ 50% ᠳᠤ ᠬᠦᠷᠴᠡᠢ᠃ ᠵᠥᠪᠬᠡᠨ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠮᠠᠨ ᠤ ᠠᠶᠢᠮᠠᠭ ᠤᠨ ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠯ᠎ᠡ ᠲᠥᠷᠥᠯ ᠤᠨ ᠡᠮ ᠤᠨ ᠵᠦᠢᠯ ᠢ ᠬᠤᠳᠠᠯᠳᠤᠨ ᠠᠪᠤᠭᠰᠠᠨ ᠵᠣᠭᠤᠰ ᠤᠨ ᠲᠤᠭ᠎ᠠ 4021.74 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 40.4% ᠪᠠᠷ ᠨᠡᠮᠡᠭᠳᠡᠪᠡ︔ ᠬᠤᠳᠠᠯᠳᠤᠨ ᠠᠪᠤᠭᠰᠠᠨ ᠡᠮ ᠤᠨ ᠵᠦᠢᠯ ᠤᠨ ᠲᠥᠷᠥᠯ ᠵᠦᠢᠯ 1302 ᠪᠤᠯᠵᠤ᠂ ᠠᠳᠠᠯᠢ ᠬᠤᠭᠤᠴᠠᠭᠠᠨ ᠤ ᠬᠢ ᠠᠴᠠ 40.5% ᠪᠠᠷ ᠨᠡᠮᠡᠭᠳᠡᠪᠡ︔ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠤᠭᠰᠠᠨ ᠵᠣᠭᠤᠰ ᠤᠨ ᠲᠤᠭ᠎ᠠ 1275.84 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 70.3% ᠪᠠᠷ ᠨᠡᠮᠡᠭᠳᠡᠪᠡ︔ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠲᠥᠷᠥᠯ ᠵᠦᠢᠯ 1479 ᠪᠤᠯᠵᠤ᠂ ᠠᠳᠠᠯᠢ ᠬᠤᠭᠤᠴᠠᠭᠠᠨ ᠤ ᠬᠢ ᠠᠴᠠ 143.2% ᠨᠡᠮᠡᠭᠳᠡᠪᠡ︔ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠤᠭᠰᠠᠨ ᠬᠡᠮᠵᠢᠶ᠎ᠡ 168.4 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 91.1% ᠪᠠᠷ ᠨᠡᠮᠡᠭᠳᠡᠪᠡ︔ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶ᠎ᠠ ᠪᠠᠷ ᠬᠤᠳᠠᠯᠳᠤᠨ ᠠᠪᠬᠤ ᠳᠤ ᠣᠷᠣᠯᠴᠠᠭᠰᠠᠨ ᠨᠣᠷᠮ᠎ᠠ 100% ᠳᠤ ᠬᠦᠷᠦᠭᠰᠡᠨ ᠪᠠᠶᠢᠨ᠎ᠠ᠃ ᠡᠨᠡ ᠵᠢᠯ ᠤᠨ 6 ᠰᠠᠷ᠎ᠠ ᠳᠤ᠂ ᠮᠠᠨ ᠤ ᠠᠶᠢᠮᠠᠭ ᠪᠠᠰᠠ ᠳᠦᠪᠯᠡᠷᠡᠬᠦᠯᠦᠨ ᠬᠤᠳᠠᠯᠳᠤᠨ ᠠᠪᠤᠭᠰᠠᠨ ᠡᠮ ᠤᠨ ᠵᠦᠢᠯ ᠢ ᠡᠮ ᠤᠨ ᠳᠡᠯᠭᠡᠭᠦᠷ ᠲᠤ ᠤᠷᠤᠭᠤᠯᠤᠨ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠡᠬᠢᠯᠡᠨ ᠬᠡᠷᠡᠭᠵᠢᠭᠦᠯᠵᠦ᠂ ᠡᠮ ᠤᠨ ᠵᠦᠢᠯ ᠤᠨ ᠪᠣᠷᠤᠯᠠᠭᠤᠯᠭ᠎ᠠ ᠶᠢᠨ ︽ᠡᠴᠦᠰ ᠤᠨ ᠨᠢᠭᠡ ᠮᠧᠲᠷ︾ ᠢ ᠨᠡᠪᠳᠡᠷᠡᠬᠦᠯᠦᠨ᠂ ︽ᠦᠨ᠎ᠡ ᠶᠢ ᠪᠠᠭᠤᠷᠠᠭᠤᠯᠬᠤ︾᠂ ︽ᠬᠤᠳᠠᠯᠳᠤᠨ ᠠᠪᠬᠤ ᠳᠤ ᠲᠥᠬᠦᠮ ᠦᠵᠡᠭᠦᠯᠬᠦ︾ ᠠᠰᠠᠷᠠᠮᠵᠢ ᠶᠢ ᠣᠯᠠᠨ ᠲᠦᠮᠡᠨ ᠳᠤ ᠬᠦᠷᠭᠡᠭᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号