ᠮᠠᠯ ᠠᠵᠤ ᠠᠬᠤᠢ ᠳᠠᠷᠢᠶᠠᠯᠠᠩ ᠴᠢᠨᠠᠷ ᠰᠠᠶᠢᠳᠠᠢ ᠬᠦᠭᠵᠢᠯᠳᠠ ᠶᠢᠨ ᠬᠠᠨᠳᠤᠰᠢ ᠲᠠᠢ
ᠨᠡᠶᠢᠲᠡᠯᠡᠭᠰᠡᠨ ᠴᠠᠭ᠄
2024/8/9
    ᠮᠠᠨ ᠤ ᠠᠶᠢᠮᠠᠭ ᠠᠮᠤ ᠪᠤᠳᠠᠭᠠᠨ ᠤ ᠠᠮᠤᠷ ᠲᠦᠪᠰᠢᠨ ᠤ ᠬᠥᠪᠴᠢ ᠶᠢ ᠢᠮᠠᠭᠲᠠ ᠴᠢᠩᠭᠠᠯᠠᠵᠤ᠂ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠠ᠂ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠶᠢ ᠪᠦᠬᠦ ᠵᠢᠯ ᠤᠨ ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠮᠤ ᠪᠤᠳᠠᠭ᠎ᠠ ᠳᠠᠷᠢᠬᠤ ᠲᠠᠯᠠᠪᠠᠢ ᠶᠢ ᠪᠠᠭᠠᠰᠬᠠᠬᠤ ᠦᠭᠡᠢ᠂ ᠠᠮᠤ ᠪᠤᠳᠠᠭᠠᠨ ᠤ ᠤᠨᠠᠯᠲᠠ ᠶᠢ ᠪᠠᠭᠤᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃    ᠲᠠᠷᠢᠶᠠᠯᠠᠩ ᠤᠨ ᠪᠠᠶᠢᠳᠠᠯ ᠤᠨ ᠲᠣᠬᠢᠷᠠᠭᠤᠯᠤᠯᠲᠠ ᠠᠴᠠ ᠦᠵᠡᠪᠡᠯ᠂ 2024 ᠣᠨ ᠳᠤ ᠪᠥᠬᠦ ᠠᠶᠢᠮᠠᠭ ᠢᠶᠠᠷ ᠢᠶᠠᠨ 53.23 ᠲᠦᠮᠡᠨ ᠮᠥ ᠲᠠᠷᠢᠮᠠᠯ ᠳᠠᠷᠢᠪᠡ᠃ ᠠᠮᠤ ᠪᠤᠳᠠᠭᠠᠨ ᠤ ᠲᠠᠷᠢᠮᠠᠯ᠂ ᠠᠵᠤ ᠠᠬᠤᠢ ᠶᠢᠨ ᠲᠠᠷᠢᠮᠠᠯ᠂ ᠲᠡᠵᠢᠭᠡᠯ ᠡᠪᠡᠰᠦ ᠪᠣᠷᠳᠣᠭᠠᠨ ᠤ ᠲᠠᠷᠢᠮᠠᠯ ᠤᠨ ᠲᠠᠯᠠᠪᠠᠢ ᠲᠣᠰ ᠲᠣᠰ 26.23 ᠲᠦᠮᠡᠨ ᠮᠦ᠂ 16.04 ᠲᠦᠮᠡᠨ ᠮᠦ ᠪᠠ 10.96 ᠲᠦᠮᠡᠨ ᠮᠦ ᠪᠠᠶᠢᠵᠤ᠂ ᠪᠦᠲᠦᠴᠡ ᠶᠢᠨ ᠬᠠᠷᠢᠴᠠᠯ ᠨᠢ 49.27%᠄ 30.13%᠄ 20.6% ᠳᠤ ᠬᠦᠷᠪᠡ᠃ 44 ᠲᠦᠮᠡᠨ ᠮᠥ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ ᠪᠡᠶᠡᠯᠡᠭᠦᠯᠵᠦ᠂ 96% ᠶᠢᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠨᠢᠭᠡᠨᠲᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠤᠯᠭᠠᠠ ᠪᠠᠶᠢᠭᠤᠯᠪᠠ᠃    ᠡᠨᠡ ᠵᠢᠯ ᠠᠴᠠ ᠨᠠᠭᠠᠰᠢ᠂ ᠮᠠᠨ ᠤ ᠠᠶᠢᠮᠠᠭ ᠬᠦᠴᠦᠨ ᠢᠶᠠᠨ ᠲᠥᠪᠯᠡᠷᠡᠭᠦᠯᠦᠨ ᠥᠪᠡᠷᠮᠢᠴᠡ ᠣᠨᠴᠠᠯᠢᠭ ᠲᠠᠢ᠂ ᠭᠡᠯᠬᠢᠶᠠᠵᠢᠯ ᠨᠢ ᠪᠦᠷᠢᠨ ᠪᠦᠲᠦᠨ᠂ ᠥᠷᠢᠰᠦᠯᠳᠦᠬᠦ ᠬᠦᠴᠦᠨ ᠨᠢ ᠴᠢᠩᠭ᠎ᠠ ᠮᠠᠯ ᠠᠵᠤ ᠠᠬᠤᠶ ᠶᠢᠨ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠠ ᠬᠥᠭᠵᠢᠬᠦ ᠬᠢᠷᠢ ᠲᠦᠪᠰᠢᠨ ᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠳᠡᠮᠳᠡᠭ ᠢ ᠪᠤᠶᠢᠵᠢᠭᠤᠯᠬᠤ ᠶᠢ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠴᠣᠭᠴᠠᠯᠠᠵᠤ᠂ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃    7 ᠰᠠᠷ᠎ᠠ ᠶᠢᠨ ᠡᠴᠦᠰ ᠪᠣᠯᠲᠠᠯ᠎ᠠ᠂ ᠪᠥᠬᠦ ᠠᠶᠢᠮᠠᠭ ᠤᠨ ᠮᠠᠯ ᠤᠨ ᠶᠡᠷᠦᠩᠬᠡᠶ ᠲᠤᠭ᠎ᠠ 136.5 ᠲᠦᠮᠡ ᠬᠦᠷᠴᠦ ᠂ ᠲᠥᠯ ᠲᠤᠰᠤᠭᠰᠠᠨ ᠶᠡᠷᠦᠩᠬᠡᠶ ᠲᠤᠭ᠎ᠠ ᠪᠠᠷᠤᠭ 38 ᠲᠦᠮᠡ ᠪᠠᠶᠢᠵᠤ᠂ ᠪᠥᠬᠦ ᠵᠢᠯ ᠤᠨ ᠡᠭᠦᠷᠭᠡ ᠪᠠᠨ ᠨᠢᠭᠡᠨᠲᠡ ᠪᠡᠶᠡᠯᠡᠭᠦᠯᠪᠡ᠃ ᠡᠬᠦᠠ ᠳᠤ᠂ ᠠᠯᠠᠰᠢᠨ ᠦᠬᠡᠷ 10.2 ᠲᠦᠮᠡ᠂ ᠰᠠᠭᠠᠯᠢ ᠶᠢᠨ ᠦᠨᠢᠶ᠎ᠡ 3.08 ᠲᠦᠮᠡ᠂ ᠲᠡᠮᠡᠭᠡ 16.04 ᠲᠦᠮᠡ᠂ ᠬᠤᠨᠢ 102.8 ᠲᠦᠮᠡ᠂ ᠭᠠᠭ᠋ᠠᠢ 3.1 ᠲᠦᠮᠡ ᠪᠠᠶᠢᠵᠤ᠂ ᠮᠢᠬᠠᠨ ᠤ ᠲᠦᠷᠦᠯ ᠤᠨ ᠶᠡᠷᠦᠩᠬᠡᠢ ᠭᠠᠷᠤᠯᠲᠠ 5384 ᠲᠣᠨ᠂ ᠰᠦ ᠶᠢᠨ ᠲᠦᠷᠦᠯ ᠤᠨ ᠶᠡᠷᠦᠩᠬᠡᠢ ᠭᠠᠷᠤᠯᠲᠠ 11.8 ᠲᠦᠮᠡᠨ ᠲᠣᠨ ᠳᠤ ᠬᠦᠷᠴᠤ᠂ ᠡᠭᠦᠨ ᠳᠤ ᠲᠡᠮᠡᠭᠡᠨ ᠰᠦ ᠶᠢᠨ ᠭᠠᠷᠤᠯᠳᠠ 6250 ᠲᠣᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号