ᠬᠠᠷᠠᠯᠲᠠ ᠪᠠᠨ ᠲᠣᠭᠲᠠᠭᠠᠵᠤ ᠢᠮᠠᠭᠳᠠ ᠡᠷᠡᠮᠡᠬᠡᠶᠢᠯᠡᠨ ᠤᠷᠤᠭᠰᠢᠯᠠᠰᠤᠭᠠᠢ
ᠨᠡᠶᠢᠲᠡᠯᠡᠭᠰᠡᠨ ᠴᠠᠭ᠄
2024/8/9
    ᠬᠠᠷᠠᠯᠲᠠ ᠪᠣᠯ ᠴᠢᠷᠮᠠᠶᠢᠬᠤ ᠴᠢᠭᠯᠡᠯ ᠮᠥᠨ᠂ ᠪᠠᠰᠠ ᠴᠤ ᠠᠵᠢᠯᠯᠠᠭᠠᠨ ᠤ ᠵᠦᠭᠯᠡᠭᠦᠷ ᠮᠥᠨ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠠᠴᠠ ᠥᠪᠥᠷ ᠮᠣᠩᠭᠤᠯ ᠤᠨ ᠬᠥᠭᠵᠢᠯᠲᠡ ᠶᠢᠨ ᠶᠡᠭᠡ ᠰᠡᠳᠭᠢᠴᠡ ᠪᠠ ᠴᠢᠭᠯᠡᠯ ᠪᠣᠯ ᠲᠣᠳᠣᠷᠬᠠᠢ ᠪᠥᠭᠡᠳ ᠢᠯᠡ ᠲᠤᠳᠤ ᠶᠤᠮ᠂ ᠢᠮᠠᠭᠲᠠ ᠳᠡᠩᠰᠡᠯᠭᠡᠬᠦ ᠦᠭᠡᠢ ᠪᠠᠷ ᠬᠠᠷᠠᠯᠲᠠ ᠪᠠᠨ ᠲᠣᠭᠲᠠᠭᠠᠨ ᠤᠷᠤᠭᠰᠢᠯᠠᠬᠤ ᠬᠡᠷᠡᠭᠲᠡᠢ᠃ ᠪᠥᠬᠦ ᠣᠷᠣᠨ ᠳᠡᠭᠡᠷ᠎ᠡ ᠳᠤᠤᠷ᠎ᠡ ᠱᠠᠲᠤ ᠪᠠᠷ ᠢᠶᠠᠨ ᠥᠷᠯᠥᠭᠡ ᠦᠳᠡᠰᠢ ᠶᠢ ᠲᠡᠮᠡᠴᠡᠬᠦ᠂ ᠴᠠᠭ ᠪᠢᠳᠡᠨ ᠢ ᠬᠦᠯᠢᠶᠡᠬᠦ ᠥᠬᠡᠶ ᠡᠷᠡᠮᠡᠬᠡᠶᠢᠯᠡᠨ ᠤᠷᠤᠭᠰᠢᠯᠠᠬᠤ ᠳᠦᠷᠰᠦ ᠪᠠᠶᠢᠳᠠᠯ ᠢᠶᠠᠷ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠱᠠᠯᠠᠪᠳᠠᠨ ᠲᠦᠷᠭᠡᠨ ᠠᠵᠢᠯᠯᠠᠵᠤ᠂ ᠪᠤᠰᠢᠭᠤ ᠱᠠᠯᠠᠮᠠᠭᠠᠶ᠂ ᠴᠢᠳᠠᠮᠠᠭᠠᠶ ᠠᠵᠢᠯᠯᠠᠵᠤ ᠴᠢᠳᠠᠮᠠᠭᠠᠶ ᠪᠦᠲᠦᠭᠡᠵᠦ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠠᠬᠢᠭᠤᠯᠵᠤ ᠨᠠᠩ ᠣᠯᠠᠨ ᠦᠷ᠎ᠡ ᠪᠦᠲᠦᠭᠡᠯ ᠭᠠᠷᠭᠠᠬᠤ ᠬᠡᠷᠡᠭᠲᠡᠶ ᠭᠡᠵᠦ ᠴᠢᠬᠤᠯᠠᠴᠢᠯᠠᠪᠠ᠃    ᠡᠨᠡ ᠵᠢᠯ ᠪᠦᠬᠦ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠨᠡᠯᠢᠶᠡᠳ ᠰᠠᠶᠢᠨ ᠪᠠᠶᠢᠭ᠎ᠠ ᠪᠣᠯᠪᠠᠴᠤ ᠪᠠᠰᠠ ᠴᠥᠭᠡᠨ ᠪᠤᠰᠤ ᠬᠦᠴᠢᠷᠳᠡᠯ ᠪᠣᠯᠤᠨ ᠥᠷᠢᠰᠥᠯᠳᠦᠭᠡᠨ ᠳᠤ ᠲᠤᠯᠭᠠᠷᠠᠵᠤ᠂ ᠪᠦᠬᠦ ᠵᠢᠯ ᠤᠨ ᠠᠵᠤ ᠠᠬᠤᠶ ᠶᠢᠨ ᠨᠡᠮᠡᠭᠳᠡᠯ ᠤᠨ 6% ᠶᠢᠨ ᠬᠠᠷᠠᠯᠲᠠ ᠶᠢ ᠪᠡᠶᠡᠯᠡᠭᠦᠯᠬᠦ ᠳᠤ ᠮᠥᠨ ᠬᠦ ᠬᠠᠲᠠᠭᠤᠵᠢᠯᠲᠠᠶ ᠴᠢᠷᠮᠠᠶᠢᠯᠭ᠎ᠠ ᠭᠠᠷᠭᠠᠬᠤ ᠴᠢᠬᠤᠯᠠ ᠲᠠᠢ ᠪᠠᠶᠢᠨ᠎ᠠ᠃ ᠲᠦᠷᠦᠯ ᠵᠦᠢᠯ ᠪᠣᠯ ᠨᠡᠮᠡᠭᠳᠡᠯ ᠤᠨ ᠡᠬᠢ ᠰᠤᠷᠪᠤᠯᠵᠢ᠂ ᠬᠥᠭᠵᠢᠯᠲᠡ ᠶᠢᠨ ᠦᠨᠳᠦᠰᠦ ᠮᠥᠨ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠠᠵᠢᠯ ᠡᠬᠢᠯᠡᠭᠦᠯᠦᠭᠡᠳᠦᠢ ᠲᠦᠷᠦᠯ ᠵᠦᠢᠯ ᠢ ᠳᠠᠷᠤᠢ ᠲᠦᠷᠭᠡᠨ ᠨᠠᠶᠢᠳᠠᠪᠤᠷᠢᠵᠢᠭᠤᠯᠤᠨ ᠠᠵᠢᠯ ᠡᠬᠢᠯᠡᠭᠦᠯᠵᠦ᠂ ᠨᠢᠭᠡᠨᠲᠡ ᠠᠵᠢᠯ ᠡᠬᠢᠯᠡᠭᠦᠯᠦᠭᠰᠡᠨ ᠲᠦᠷᠦᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠪᠣᠯ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠡᠬᠢ ᠪᠤᠯᠠᠭ ᠮᠥᠨ᠂ ᠴᠢᠩᠭ᠎ᠠ ᠠᠷᠭ᠎ᠠ ᠬᠡᠮᠵᠢᠶ᠎ᠡ ᠠᠪᠴᠤ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠬᠡᠷᠡᠭᠯᠡᠭᠡ ᠪᠣᠯ ᠠᠵᠤ ᠠᠬᠤᠶ ᠶᠢᠨ ᠨᠡᠮᠡᠭᠳᠡᠯ ᠢ ᠳᠠᠶᠢᠴᠢᠯᠠᠬᠤ ᠴᠢᠬᠤᠯᠠ ᠬᠥᠳᠡᠯᠭᠡᠭᠦᠷ ᠪᠠᠶᠢᠵᠤ᠂ ᠳᠡᠭᠡᠷ᠎ᠡ ᠬᠠᠭᠠᠰ ᠵᠢᠯ ᠳᠤ ᠪᠦᠬᠦ ᠣᠷᠣᠨ ᠤ ᠬᠡᠷᠡᠭᠯᠡᠭᠡᠨ ᠤ ᠨᠡᠮᠡᠭᠳᠡᠯ ᠨᠢ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ ᠳᠣᠣᠷ᠎ᠠ ᠪᠠᠶᠢᠭ᠎ᠠ ᠲᠤᠯᠠ ᠦᠢᠯᠡᠳᠬᠦᠨ ᠤ ᠬᠠᠩᠭᠠᠯᠭ᠎ᠠ ᠶᠢ ᠥᠷᠭᠡᠳᠭᠡᠵᠦ᠂ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠂ ᠬᠡᠷᠡᠭᠯᠡᠭᠡᠨ ᠤ ᠭᠠᠳᠠᠭᠰᠢ ᠭᠠᠷᠬᠤ ᠶᠢ ᠰᠢᠢᠳᠪᠦᠷᠢᠯᠡᠵᠦ᠂ ᠬᠡᠷᠡᠭᠯᠡᠭᠡᠨ ᠤ ᠬᠡᠮᠵᠢᠶ᠎ᠡ ᠶᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠶ᠃ ᠡᠭᠦᠨ ᠤ ᠬᠠᠮᠲᠤ ᠥᠷᠢ ᠥᠭᠴᠡᠭᠡ ᠶᠢ ᠠᠷᠢᠯᠭᠠᠬᠤ ᠶᠢ ᠰᠠᠶᠢᠲᠤᠷ ᠠᠳᠬᠤᠵᠤ᠂ ᠵᠢᠯ ᠤᠨ ᠡᠴᠦᠰ ᠲᠤ ︽ᠤᠯᠠᠪᠤᠷ ᠦᠩᠭᠡ ᠶᠢᠨ ᠲᠡᠰ ᠠᠴᠠ ᠭᠠᠷᠭᠠᠬᠤ︾  ᠶᠢ ᠦᠨᠡᠨ ᠬᠦ ᠪᠠᠲᠤᠯᠠᠬᠤ ᠭᠡᠷᠡᠭᠲᠡᠢ᠃ ᠡᠭᠦᠨ ᠠᠴᠠ ᠭᠠᠳᠠᠨ᠎ᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠪᠦᠷᠢᠳᠭᠡᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠰᠤᠳᠤᠯᠭᠠᠨ ᠢ ᠡᠷᠲᠡᠬᠡᠨ ᠥᠷᠨᠢᠭᠦᠯᠬᠦ ᠬᠡᠷᠡᠭᠲᠡᠢ᠃    ᠭᠤᠣᠯᠳᠠᠯᠭ᠎ᠠ ᠶᠢ ᠠᠳᠬᠤᠪᠠᠯ ᠪᠠᠭ᠎ᠠ ᠬᠦᠴᠦ ᠤᠷᠤᠭᠤᠯᠤᠭᠠᠳ ᠶᠡᠭᠡ ᠠᠮᠵᠢᠯᠲᠠ ᠤᠯᠵᠤ ᠴᠢᠳᠠᠨ᠎ᠠ᠂ ᠬᠥᠲᠥᠯᠪᠦᠷᠢ ᠶᠢ ᠠᠳᠬᠤᠪᠠᠯ ᠠᠯᠢᠪᠠ ᠪᠦᠬᠦᠨ ᠰᠢᠢᠳᠪᠦᠷᠢᠯᠡᠭᠳᠡᠵᠦ ᠴᠢᠳᠠᠨ᠎ᠠ᠃ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠠᠵᠢᠯ ᠮᠠᠰᠢ ᠤᠯᠠᠨ ᠪᠠᠶᠢᠵᠤ᠂ ᠭᠤᠣᠯᠳᠠᠯᠭ᠎ᠠ ᠶᠢ ᠠᠳᠬᠤᠨ ᠪᠦᠬᠦ ᠬᠦᠴᠦᠨ ᠢᠶᠠᠷ ᠢᠶᠠᠨ ᠠᠬᠢᠭᠤᠯᠪᠠᠯ ᠳᠠᠷᠤᠢ ᠤᠷᠤᠭᠤᠯᠤᠭᠰᠠᠨ ᠬᠦᠴᠦ ᠨᠢ ᠪᠠᠭ᠎ᠠ ᠤᠯᠤᠭᠰᠠᠨ ᠠᠮᠵᠢᠯᠲᠠ ᠨᠢ ᠶᠡᠭᠡ ᠪᠤᠯᠵᠤ ᠴᠢᠳᠠᠨ᠎ᠠ᠃ ︽ᠲᠠᠪᠤᠨ ᠶᠡᠭᠡ ᠡᠭᠦᠷᠭᠡ︾ ᠪᠣᠯ ᠥᠪᠥᠷ ᠮᠣᠩᠭᠤᠯ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤᠮᠳᠠᠬᠢ ᠴᠢᠬᠤᠯᠠ ᠬᠠᠷᠢᠭᠤᠴᠠᠯᠭ᠎ᠠ ᠪᠠ ᠬᠦᠨᠳᠦ ᠡᠭᠦᠷᠭᠡ ᠪᠣᠯᠤᠨ᠎ᠠ᠂ ︽ᠵᠢᠷᠭᠤᠭᠠᠨ ᠢᠨᠵᠧᠨᠧᠷᠢᠩ︾ ᠪᠣᠯ ᠡᠨᠡ ᠵᠢᠯ ᠤᠨ ᠠᠵᠢᠯ ᠤᠨ ᠭᠤᠤᠯᠳᠠᠯᠭ᠎ᠠ ᠶᠢᠨ ᠳᠤᠳᠤᠷᠠᠬᠢ ᠭᠤᠤᠯᠳᠠᠯᠭ᠎ᠠ ᠪᠣᠯᠤᠨ᠎ᠠ᠂ ᠨᠢᠭᠡᠨᠲᠡ ᠲᠣᠭᠲᠠᠭᠠᠭᠰᠠᠨ ᠪᠠᠶᠢᠷᠢᠯᠠᠭᠤᠯᠤᠯᠲᠠ ᠶᠣᠰᠣᠭᠠᠷ ︽ᠲᠠᠪᠤᠨ ᠶᠡᠭᠡ ᠡᠭᠦᠷᠭᠡ︾ ᠶᠢ ᠬᠦᠴᠦᠯᠡᠨ ᠨᠠᠶᠢᠳᠠᠪᠤᠷᠢᠵᠢᠭᠤᠯᠵᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ᠠᠬᠢᠴᠠ ᠲᠦᠷᠭᠡᠨ ᠢ ᠨᠢ ᠦᠷᠭᠦᠯᠵᠢᠯᠡᠨ ᠪᠠᠲᠤᠯᠠᠵᠤ᠂ ᠤᠳᠠᠭᠠᠨ ᠢ ᠨᠢ ᠬᠥᠭᠡᠭᠡᠵᠦ ᠭᠦᠢᠴᠡᠬᠦ ᠬᠡᠷᠡᠭᠲᠡᠢ᠃ ᠪᠦᠬᠦ ᠬᠦᠴᠦ ᠪᠠᠷ ᠢᠶᠠᠨ ᠴᠠᠭ ᠢ ᠠᠮᠵᠢᠨ ᠠᠬᠢᠴᠠ ᠶᠢ ᠠᠳᠬᠤᠵᠤ᠂ ᠲᠦᠷᠭᠡᠨ ᠬᠢᠵᠦ ᠴᠢᠳᠠᠪᠠᠯ ᠲᠦᠷᠭᠡᠨ ᠬᠢᠵᠦ᠂ ᠢᠯᠡᠭᠦᠦ ᠬᠢᠵᠦ ᠴᠢᠳᠠᠪᠠᠯ ᠢᠯᠡᠭᠦᠦ ᠬᠢᠬᠦ ᠬᠡᠷᠡᠭᠲᠡᠢ︔ ᠠᠬᠢᠴᠠ ᠤᠳᠠᠭᠠᠨ ᠪᠠᠶᠢᠬᠤ ᠡᠭᠦᠷᠭᠡ ᠶᠢ ᠭᠦᠨᠵᠡᠭᠡᠢ ᠰᠤᠳᠤᠯᠤᠨ ᠵᠠᠳᠠᠯᠵᠤ᠂ ᠰᠢᠯᠲᠠᠭᠠᠨ ᠨᠢ ᠶᠠᠭᠤ ᠪᠣᠯᠬᠤ᠂ ᠵᠠᠩᠭᠢᠯᠠᠭ᠎ᠠ ᠨᠢ ᠬᠠᠮᠢᠭ᠎ᠠ ᠪᠠᠶᠢᠬᠤ ᠶᠢ ᠲᠣᠳᠣᠷᠬᠠᠢ ᠣᠶᠢᠯᠠᠭᠠᠵᠤ᠂ ᠤᠨᠢᠨ ᠳᠡᠭᠡᠷ᠎ᠡ ᠨᠢ ᠬᠦᠴᠦᠯᠡᠵᠦ ᠪᠠᠶᠢᠭᠠᠳ ᠠᠵᠢᠯ ᠤᠨ ᠬᠤᠷᠳᠤᠴᠠ ᠶᠢ ᠲᠦᠷᠭᠡᠳᠭᠡᠬᠦ ᠬᠡᠷᠡᠭᠲᠡᠢ᠃ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠡᠷᠴᠢ ᠵᠣᠷᠢᠭ ᠢᠶᠠᠷ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠬᠦᠴᠢᠷ ᠠᠰᠠᠭᠤᠳᠠᠯ ᠢ ᠡᠷᠡᠰ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠢ ᠡᠷᠲᠡᠬᠡᠨ ᠦᠷ᠎ᠡ ᠪᠦᠲᠦᠮᠵᠢ ᠭᠠᠷᠭᠠᠬᠤ᠂ ᠲᠦᠷᠭᠡᠨ ᠦᠷ᠎ᠡ ᠪᠦᠲᠦᠮᠵᠢ ᠭᠠᠷᠭᠠᠬᠤ᠂ ᠢᠯᠡᠭᠦᠬᠡᠨ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃    ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ︽ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ︾ ᠶᠢ ᠨᠢᠭᠡ ᠶᠢ ᠴᠦ ᠣᠷᠬᠢᠭᠳᠠᠭᠤᠯᠵᠤ ᠪᠣᠯᠬᠤ ᠥᠬᠡᠶ᠃ ᠡᠯ᠎ᠡ ᠱᠠᠲᠤᠨ ᠤ ᠬᠢᠨ ︽28 ᠵᠤᠷᠪᠤᠰ ᠪᠣᠳᠠᠲᠠᠶ ᠠᠷᠭ᠎ᠠ ᠬᠡᠮᠵᠢᠶ᠎ᠡ︾ ᠲᠠᠢ ᠨᠠᠷᠢᠨ ᠬᠢᠨᠠᠮᠠᠭᠠᠶ ᠬᠠᠷᠭᠤᠭᠤᠯᠵᠤ᠂ ᠨᠢᠭᠡᠳ ᠨᠢᠭᠡ ᠪᠠᠷ ᠪᠣᠳᠠᠲᠠᠶ ᠳᠤ ᠨᠠᠶᠢᠳᠠᠪᠤᠷᠢᠵᠢᠭᠤᠯᠬᠤ ᠶᠢᠨ ᠬᠠᠮᠲᠤ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠨᠠᠩ ᠴᠢᠭᠯᠡᠭᠦᠯᠦᠯᠲᠦ ᠴᠢᠨᠠᠷᠲᠠᠶ ᠠᠷᠭ᠎ᠠ ᠬᠡᠮᠵᠢᠶ᠎ᠡ ᠠᠪᠴᠤ᠂ ᠲᠤᠭᠤᠰᠢᠯᠠᠭᠤᠯᠬᠤ ᠠᠵᠢᠯ ᠤᠨ ᠭᠤᠤᠯ ᠰᠢᠵᠢᠮ ᠤᠨ ︽ᠬᠤᠭᠤᠰᠣᠨ᠂ ᠪᠦᠳᠦᠭᠦᠯᠢᠭ᠂ ᠨᠠᠷᠮᠠᠢ︾ ᠪᠠᠶᠢᠬᠤ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠬᠦ ᠬᠡᠷᠡᠭᠲᠡᠶ᠃ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠢ ᠭᠦᠨᠵᠡᠭᠡᠶ ᠠᠬᠢᠭᠤᠯᠵᠤ᠂ ᠪᠠᠶᠢᠩᠭᠤ ᠠᠳᠬᠤᠬᠤ᠂ ᠡᠳᠦᠷ ᠲᠤᠲᠤᠮ ᠤᠨ ᠠᠵᠢᠯ ᠳᠠᠭᠠᠨ ᠠᠭᠤᠰᠤᠯᠴᠠᠬᠤ ᠶᠢ ᠪᠠᠷᠢᠮᠳᠠᠯᠠᠵᠤ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠡᠯᠪᠡᠷᠢ ᠶᠢᠨ ᠠᠴᠢᠶᠠᠯᠠᠪᠤᠷᠢ ᠶᠢ ᠪᠠᠶᠠᠯᠢᠭᠵᠢᠭᠤᠯᠵᠤ᠂ ᠥᠪᠥᠷ ᠮᠣᠩᠭᠤᠯ ᠤᠨ ᠡᠬᠡ ᠭᠠᠵᠠᠷ ᠲᠠᠬᠢ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠤᠬᠠᠮᠰᠠᠷ᠂ ᠡᠵᠡᠨ ᠬᠥᠮᠦᠨ ᠤ ᠤᠬᠠᠮᠰᠠᠷ᠂ ᠵᠥᠪ ᠪᠤᠷᠤᠭᠤ ᠶᠢ ᠲᠣᠳᠣᠷᠬᠠᠶ ᠮᠡᠳᠡᠬᠦ᠂ ᠠᠴᠢ ᠳᠤ ᠲᠠᠯᠠᠷᠬᠠᠬᠤ ᠶᠢ ᠬᠥᠲᠥᠯᠥᠨ ᠵᠢᠯᠣᠭᠤᠳᠬᠤ ᠬᠡᠷᠡᠭᠲᠡᠶ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠲᠣᠭᠲᠠᠴᠠ ᠶᠢ ᠪᠦᠷᠢᠨᠰᠢᠬᠦᠯᠤᠨ᠂ ᠭᠤᠣᠯᠳᠠᠯᠭ᠎ᠠ ᠲᠠᠢ ᠲᠦᠷᠦᠯ ᠵᠦᠢᠯ ᠢ ᠲᠡᠳᠬᠦᠵᠦ᠂ ᠰᠣᠳᠣᠨ ᠢᠨᠵᠧᠨᠧᠷᠢᠩ ᠢ ᠱᠠᠩᠨᠠᠨ ᠬᠦᠬᠢᠭᠦᠯᠵᠤ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠬᠥᠮᠦᠰ ᠤᠨ ᠰᠡᠳᠭᠢᠯ ᠳᠤ ᠨᠡᠩ ᠬᠠᠳᠠᠩᠰᠢᠭᠤᠯᠵᠤ᠂ ᠦᠨᠡᠨ ᠪᠣᠳᠠᠲᠠᠢ ᠤᠶᠤᠨ ᠰᠠᠨᠠᠭᠠᠨ ᠤ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃   ᠣᠷᠣᠨ ᠳᠠᠶᠠᠭᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠨᠢᠭᠡᠳᠭᠡᠵᠦ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠨᠢᠭᠡᠨᠲᠡ ᠲᠣᠭᠲᠠᠭᠠᠭᠰᠠᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠳᠡᠭᠡᠷ᠎ᠡ ᠨᠢᠭᠲᠠᠷᠠᠭᠤᠯᠵᠤ᠂ ᠬᠦᠴᠢᠷ ᠢ ᠰᠦᠷᠦᠨ ᠤᠷᠤᠭᠰᠢᠯᠠᠵᠤ᠂ ᠪᠣᠭᠤᠮᠲᠠ ᠰᠢᠪᠲᠤᠯᠤᠨ᠂ ᠴᠢᠷᠮᠠᠶᠢᠨ ᠲᠡᠮᠡᠴᠡᠵᠦ᠂ ᠰᠢᠷᠭᠠᠭᠤ ᠠᠵᠢᠯᠯᠠᠵᠤ ᠪᠣᠳᠠᠲᠠᠢ ᠠᠵᠢᠯᠯᠠᠳᠠᠭ ᠯᠠ ᠶᠤᠮ ᠪᠣᠯ ᠯᠠᠪᠲᠠᠢ ᠨᠢᠭᠡ ᠨᠢᠭᠡ ᠠᠯᠬᠤᠮ ᠢᠶᠠᠷ ᠠᠤᠭ᠎ᠠ ᠬᠠᠷᠠᠯᠲᠠ ᠪᠠᠨ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠪᠦᠬᠦ ᠵᠢᠯ ᠤᠨ ᠭᠤᠶᠢᠳᠠ ᠰᠠᠶᠢᠬᠠᠨ ᠥᠪᠥᠷ ᠮᠣᠩᠭᠤᠯ ᠤᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠵᠤ ᠴᠢᠳᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号