ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠬᠡᠬᠡᠯᠳᠡ ᠶᠢᠨ ᠣᠷᠣᠨ ᠤᠰᠤ ᠠᠷᠪᠢᠯᠠᠬᠤ ᠠᠵᠤ ᠠᠬᠤᠢ ᠶᠢ ᠡᠷᠬᠢᠯᠡᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2024/9/10
     ᠲᠦᠷᠦᠭᠦᠬᠡᠨ᠂ ᠰᠤᠷᠪᠤᠯᠵᠢᠯᠠᠭᠴᠢ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠬᠡᠬᠡᠯᠳᠡ ᠶᠢᠨ ᠣᠷᠣᠨ ᠳᠤ ᠪᠠᠶᠢᠭ᠎ᠠ ᠳᠤᠮᠳᠠᠳᠤ ᠤᠯᠤᠰ ᠤᠨ ᠳᠠᠪᠤᠰᠤᠨ ᠤ ᠪᠦᠯᠦᠭᠯᠡᠯ ᠤᠨ ᠵᠢᠷᠠᠲᠠᠢ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠬᠦᠷᠬᠦ ᠳᠤ᠂ ᠰᠢᠨ᠎ᠡ ᠪᠠᠷ ᠪᠠᠶᠢᠭᠤᠯᠵᠤ ᠪᠠᠶᠢᠭ᠎ᠠ ᠪᠢᠳᠡᠬᠦᠮᠵᠢᠳᠦ ᠬᠥᠷᠥᠭᠡᠯᠲᠡ ᠶᠢᠨ ᠰᠤᠪᠤᠷᠭ᠎ᠠ ᠶᠢᠨ ᠲᠥᠷᠥᠯ ᠵᠦᠢᠯ ᠡᠮᠬᠢ ᠵᠢᠷᠤᠮ ᠲᠠᠢ ᠶᠠᠪᠤᠭᠳᠠᠵᠤ᠂ ᠠᠵᠢᠯᠴᠢᠳ ᠲᠣᠨᠤᠭ ᠲᠥᠬᠦᠭᠡᠷᠦᠮᠵᠢ ᠶᠢᠨ ᠠᠵᠢᠯᠯᠠᠬᠤ ᠪᠠᠶᠢᠳᠠᠯ ᠢ ᠪᠠᠶᠢᠴᠠᠭᠠᠨ ᠶᠠᠭᠠᠷᠠᠯᠳᠠᠢ ᠠᠵᠢᠯᠯᠠᠨ᠎ᠠ᠃     ᠲᠣᠰ ᠺᠣᠮᠫᠠᠨᠢ ᠶᠢᠨ ᠾᠯᠣᠷ ᠱᠦᠯᠲᠦ ᠶᠢᠨ ᠦᠢᠯᠡᠳᠪᠦᠷᠢ ᠶᠢᠨ ᠲᠠᠰᠤᠭ ᠤᠨ ᠳᠡᠳ᠋ ᠡᠷᠬᠢᠯᠡᠭᠴᠢ ᠶᠣᠣ ᡁᠢ ᠭᠦᠸᠧ᠄ ︽ᠥᠩᠭᠡᠷᠡᠭᠰᠡᠨ ᠳᠤ ᠺᠣᠮᠫᠠᠨᠢ ᠴᠠᠬᠢᠯᠭᠠᠨ ᠵᠠᠳᠠᠯᠤᠯ ᠤᠨ ᠤᠷᠴᠢᠯᠳᠦ ᠤᠰᠤᠨ ᠤ ᠰᠢᠰᠲ᠋ᠧᠮ ᠢ ᠬᠡᠷᠡᠭᠯᠡᠨ ᠦᠢᠯᠡᠳᠪᠦᠷᠢ ᠶᠢᠨ ᠳᠣᠲᠣᠷᠠᠬᠢ ᠶᠡᠬᠡᠩᠬᠢ ᠤᠰᠤᠨ ᠤ ᠣᠷᠴᠢᠯ ᠤᠨ ᠬᠠᠩᠭᠠᠯᠭ᠎ᠠ ᠶᠢ ᠬᠠᠷᠢᠭᠤᠴᠠᠵᠤ ᠪᠠᠶᠢᠭᠰᠠᠨ ᠪᠣᠯᠬᠤᠷ ᠰᠢᠰᠲ᠋ᠧᠮ ᠤᠨ ᠳᠠᠷᠤᠯᠲᠠ ᠶᠡᠭᠡ᠂ ᠵᠣᠨ ᠤ ᠤᠯᠠᠷᠢᠯ ᠳᠤ ᠤᠰᠤᠨ ᠤ ᠣᠷᠴᠢᠯ ᠤᠨ ᠳᠤᠯᠠᠭᠠᠨ ᠢ ᠪᠠᠭᠤᠷᠠᠭᠤᠯᠬᠤ ᠦᠷ᠎ᠡ ᠪᠦᠲᠦᠮᠵᠢ ᠠᠨᠠᠢ ᠪᠠᠶᠢᠪᠠ᠃ ᠤᠳᠤ ᠺᠣᠮᠫᠠᠨᠢ ᠠᠴᠠ ᠤᠰᠤᠲᠥ᠋ᠷᠥᠭᠴᠢ ᠳᠠᠷᠤᠯᠲᠠ ᠶᠢᠨ ᠦᠷᠳᠡᠭᠡ ᠶᠢᠨ ᠲᠥᠬᠦᠭᠡᠷᠦᠮᠵᠢ ᠳᠤ ᠬᠠᠭᠤᠷᠠᠢ ᠨᠦᠢᠲᠠᠨ ᠢ ᠤᠶᠠᠯᠳᠤᠭᠤᠯᠤᠭᠰᠠᠨ ᠬᠥᠷᠥᠭᠡᠯᠲᠡ ᠶᠢᠨ ᠤᠰᠤᠨ ᠰᠢᠰᠲ᠋ᠧᠮ ᠢ ᠨᠠᠮᠡᠭᠰᠡᠨ ᠢᠶᠠᠷ᠂ ᠡᠪᠦᠯ ᠤᠨ ᠤᠯᠠᠷᠢᠯ ᠳᠤ ᠴᠣᠯᠣ ᠬᠠᠭᠤᠷᠠᠢ ᠪᠠᠷ ᠬᠦᠷᠦᠬᠡᠨ ᠡᠷᠬᠢᠯᠳᠦᠬᠦᠯᠵᠦ᠂ ᠵᠤᠨ ᠤ ᠤᠯᠠᠷᠢᠯ ᠳᠤ ᠬᠠᠭᠤᠷᠠᠢ ᠨᠦᠢᠲᠠᠨ ᠢ ᠤᠶᠠᠯᠳᠤᠭᠤᠯᠤᠨ ᠬᠦᠷᠦᠬᠡᠬᠦ ᠪᠤᠯᠵᠤ᠂ ᠤᠰᠤ ᠰᠦᠷᠴᠢᠬᠦ ᠬᠡᠮᠵᠢᠶ᠎ᠡ ᠶᠢ ᠪᠠᠭᠠᠰᠬᠠᠨ᠂ ᠤᠰᠤᠨ ᠤ ᠬᠤᠷᠣᠭᠳᠠᠯ ᠢ ᠶᠡᠭᠡ ᠪᠠᠷ ᠪᠠᠭᠠᠰᠬᠠᠵᠠᠢ︾ ᠬᠡᠵᠦ ᠶᠠᠷᠢᠨ᠎ᠠ᠃    ᠪᠢᠲᠡᠭᠦᠮᠵᠢᠲᠦ ᠬᠥᠷᠥᠭᠡᠯᠲᠡ ᠶᠢᠨ ᠰᠤᠪᠤᠷᠭ᠎ᠠ ᠶᠢᠨ ᠲᠥᠷᠥᠯ ᠵᠦᠢᠯ ᠢ ᠰᠢᠨ᠎ᠡ ᠪᠠᠷ ᠨᠡᠮᠡᠭᠳᠡᠭᠦᠯᠦᠭᠰᠡᠨ ᠠᠴᠠ ᠭᠠᠳᠠᠨ᠎ᠠ᠂ ᠳᠤᠮᠳᠠᠳᠤ ᠤᠯᠤᠰ ᠤᠨ ᠳᠠᠪᠤᠰᠤᠨ ᠤ ᠪᠦᠯᠦᠭᠯᠡᠯ ᠤᠨ ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠴᠠᠬᠢᠯᠠᠭᠤᠷ ᠴᠢᠯᠠᠭᠤᠨ ᠤ ᠦᠢᠯᠡᠳᠪᠦᠷᠢ ᠶᠢᠨ ᠨᠢᠭᠲᠠ ᠪᠢᠲᠡᠭᠦᠮᠵᠢᠯᠡᠭᠰᠡᠨ ᠣᠷᠴᠢᠯ ᠤᠰᠤᠨ ᠤ ᠬᠥᠷᠥᠭᠡᠯᠲᠡ ᠶᠢᠨ ᠰᠤᠪᠤᠷᠭ᠎ᠠ ᠶᠢᠨ ᠬᠠᠭᠤᠷᠠᠢ ᠨᠦᠢᠲᠠᠨ ᠢ ᠤᠶᠠᠯᠳᠤᠭᠤᠯᠤᠭᠰᠠᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠴᠦ ᠤᠷᠤᠭᠰᠢᠲᠠᠢ ᠠᠰᠢᠭᠯᠠᠯᠲᠠ ᠳᠤ ᠣᠷᠣᠪᠠ᠃ ᠲᠣᠰ ᠲᠥᠷᠥᠯ ᠵᠦᠢᠯ ᠪᠣᠯ ᠣᠲᠣ ᠶᠢᠨ ᠪᠠᠶᠢᠭ᠎ᠠ ᠠᠭᠤᠷᠰᠢᠭᠤᠯᠤᠨ ᠬᠥᠷᠥᠭᠡᠬᠦ ᠰᠤᠪᠤᠷᠭ᠎ᠠ ᠳᠤ ᠮᠡᠷᠭᠡᠵᠢᠯ ᠤᠨ ᠥᠭᠡᠷᠡᠴᠢᠯᠡᠯᠲᠡ ᠬᠢᠵᠦ᠂ ᠠᠭᠠᠷ ᠤᠨ ᠬᠥᠷᠥᠭᠡᠭᠦᠷ ᠪᠠ ᠠᠭᠤᠷᠰᠢᠭᠤᠯᠬᠤ ᠬᠡᠯᠪᠡᠷᠢ ᠶᠢᠨ ᠬᠥᠷᠥᠭᠡᠭᠦᠷ ᠤᠨ ᠳᠠᠪᠠᠭᠤᠯᠢᠭ ᠢ ᠠᠰᠢᠭᠯᠠᠵᠦ᠂ ᠲᠥᠬᠦᠭᠡᠷᠦᠮᠵᠢ ᠪᠠᠨ ᠰᠢᠯᠢᠳᠡᠭᠵᠢᠭᠦᠯᠦᠨ᠂ 5 ᠰᠠᠤᠷᠢ ᠠᠭᠠᠷ ᠢᠶᠠᠷ ᠬᠥᠷᠥᠭᠡᠬᠦ ᠲᠥᠬᠦᠭᠡᠷᠦᠮᠵᠢ ᠶᠢ ᠰᠢᠨ᠎ᠡ ᠪᠠᠷ ᠨᠡᠮᠡᠵᠦ᠂ ᠠᠭᠠᠷ ᠢᠶᠠᠷ ᠬᠦᠷᠦᠬᠡᠬᠦ ᠪᠠ ᠠᠭᠤᠷᠰᠢᠭᠤᠯᠤᠨ ᠬᠦᠷᠦᠬᠡᠬᠦ ᠶᠢ ᠤᠶᠠᠯᠳᠤᠭᠤᠯᠤᠨ᠂ ᠤᠰᠤ ᠠᠷᠪᠢᠯᠠᠬᠤ ᠶᠢ ᠪᠡᠶᠡᠯᠡᠭᠦᠯᠳᠡᠭ᠃ ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 1500 ᠲᠦᠮᠡᠨ ᠲᠥᠭᠦᠷᠢᠭ᠂ ᠤᠰᠤ ᠬᠡᠷᠡᠭᠯᠡᠬᠦ ᠬᠡᠮᠵᠢᠶ᠎ᠡ ᠶᠢ ᠵᠢᠯ ᠳᠤ 32.71 ᠲᠦᠮᠡᠨ ᠳᠤᠨ ᠪᠠᠭᠠᠰᠬᠠᠵᠤ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠵᠢᠯ ᠳᠤ 0.98 ᠲᠦᠮᠡᠨ ᠳᠤᠨ ᠪᠠᠭᠠᠰᠬᠠᠨ᠂ ᠵᠢᠯ ᠤᠨ ᠠᠵᠢᠯᠯᠠᠭᠠᠨ ᠤ ᠵᠠᠷᠤᠳᠠᠯ ᠢ 165.93 ᠲᠦᠮᠡᠨ ᠲᠥᠭᠦᠷᠢᠭ ᠠᠷᠪᠢᠯᠠᠵᠦ ᠴᠢᠳᠠᠨ᠎ᠠ᠃    ︽ᠪᠢᠳᠡ ᠪᠦᠬᠦ᠋ᠢᠯᠡ ᠦᠢᠯᠡᠳᠪᠦᠷᠢᠯᠡᠯ ᠤᠨ ᠰᠢᠰᠲ᠋ᠧᠮ ᠤᠨ ᠤᠰᠤ ᠬᠡᠷᠡᠭᠯᠡᠵᠦ ᠪᠠᠶᠢᠭ᠎ᠠ ᠪᠠᠶᠢᠳᠠᠯ ᠢ ᠡᠮᠬᠢᠯᠡᠨ ᠳᠢᠭᠯᠡᠵᠦ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠣᠳᠠᠲᠠᠢ ᠦᠢᠯᠡᠳᠪᠦᠷᠢᠯᠡᠯ ᠠᠮᠢᠳᠤᠷᠠᠯ ᠳᠤ ᠠᠭᠤᠰᠬᠠᠨ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠰᠤ ᠠᠷᠪᠢᠯᠠᠬᠤ ᠪᠠ ᠦᠷ᠎ᠡ ᠠᠰᠢᠭ ᠢ ᠨᠡᠮᠡᠭᠳᠡᠭᠦᠯᠬᠦ ᠶᠢ ᠵᠡᠷᠬᠡ ᠪᠠᠷ ᠠᠳᠬᠤᠨ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ ᠪᠠᠶᠢᠨ᠎ᠠ︾ ᠭᠡᠵᠦ ᠲᠤᠰ ᠺᠣᠮᠫᠠᠨᠢ ᠶᠢᠨ ᠴᠠᠬᠢᠯᠠᠭᠤᠷ ᠴᠢᠯᠠᠭᠤᠨ ᠤ ᠦᠢᠯᠡᠳᠪᠦᠷᠢ ᠶᠢᠨ ᠦᠢᠯᠡᠳᠪᠦᠷᠢᠯᠡᠯ ᠤᠨ ᠮᠡᠷᠭᠡᠵᠢᠯ ᠤᠨ ᠲᠠᠰᠤᠭ ᠤᠨ ᠳᠡᠳ᠋ ᠡᠷᠬᠢᠯᠡᠭᠴᠢ ᠰᠦᠨ ᠵᠧᠩ ᠳ᠋ᠦᠩ ᠳᠠᠨᠢᠯᠴᠠᠭᠤᠯᠤᠯ᠎ᠠ᠃    ᠣᠶᠢᠷ᠎ᠠ ᠶᠢᠨ ᠵᠢᠯ ᠳᠤ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠬᠡᠬᠡᠯᠳᠡ ᠶᠢᠨ ᠣᠷᠣᠨ ᠤᠰᠤ ᠠᠷᠪᠢᠯᠠᠬᠤ ᠳᠠᠯᠳᠠ ᠬᠦᠴᠦᠨ ᠢ ᠰᠢᠨᠵᠢᠯᠡᠬᠦ ᠤᠬᠠᠭᠠᠨᠴᠢ ᠪᠠᠷ ᠠᠭᠤᠳᠠᠯᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠤᠰᠤ ᠬᠡᠷᠡᠭᠯᠡᠬᠦ ᠭᠤᠣᠯ ᠴᠣᠭᠴᠠ ᠶᠢᠨ ᠤᠰᠤ ᠠᠷᠪᠢᠯᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠠᠵᠤ ᠠᠬᠤᠶᠢᠯᠠᠯ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠂ ᠰᠢᠨᠵᠢᠯᠡᠬᠦ ᠤᠬᠠᠭᠠᠨᠴᠢ ᠪᠠᠷ ᠤᠰᠤ ᠬᠡᠷᠡᠭᠯᠡᠬᠦ᠂ ᠬᠠᠮᠢᠶᠠᠷᠬᠤ᠂ ᠠᠷᠪᠢᠯᠠᠬᠤ ᠶᠢ ᠪᠡᠶᠡᠯᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠢ ᠪᠠ ᠠᠮᠢ ᠠᠬᠤᠢ ᠶᠢᠨ ᠬᠠᠮᠠᠭᠠᠯᠠᠯᠲᠠ ᠶᠢᠨ ᠬᠤᠤᠰ ᠠᠰᠢᠭ ᠢ ᠪᠡᠶᠡᠯᠡᠬᠦᠯᠬᠦ ᠪᠠᠷ ᠴᠢᠷᠮᠠᠶᠢᠵᠦ ᠪᠠᠶᠢᠨ᠎ᠠ᠃    ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠬᠡᠬᠡᠯᠳᠡ ᠶᠢᠨ ᠣᠷᠣᠨ ᠤ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠤᠶᠠᠳᠤᠭᠠᠷ ᠳᠡᠰ ᠤᠨ ᠭᠤᠣᠯᠯᠠᠨ ᠬᠠᠮᠢᠶᠠᠷᠤᠭᠴᠢ ᠸᠠᠩ ᠯᠧᠢ᠄ ︽ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠬᠡᠬᠡᠯᠳᠡ ᠶᠢᠨ ᠣᠷᠣᠨ ︿ᠤᠰᠤ ᠪᠠᠷ ᠳᠥᠷᠪᠡ ᠶᠢ ᠲᠣᠭᠲᠠᠭᠠᠬᠤ﹀ ᠵᠠᠷᠴᠢᠮ ᠢ ᠨᠠᠶᠢᠳᠠᠪᠤᠷᠢᠵᠢᠭᠤᠯᠤᠨ᠂ ᠤᠰᠤ ᠶᠡᠭᠡ ᠬᠤᠷᠣᠭᠳᠠᠭᠤᠯᠬᠤ ᠠᠵᠢᠯ ᠲᠦᠷᠦᠯ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠤᠰᠤ ᠠᠷᠪᠢᠯᠠᠬᠤ ᠤᠷᠠᠯᠠᠯ ᠪᠣᠯᠣᠨ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠤᠨ᠂ ᠠᠵᠤ ᠠᠬᠤᠶᠢᠯᠠᠯ ᠤᠨ ᠤᠰᠤ ᠬᠡᠷᠡᠭᠯᠡᠬᠦ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠪᠠᠶᠢᠨ᠎ᠠ᠃ ᠡᠭᠦᠨ ᠤ ᠵᠡᠷᠭᠡ ᠳᠤ᠂ ᠪᠢᠳᠡ ᠪᠠᠰᠠ ᠨᠢᠭᠡ ᠪᠦᠯᠦᠭ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢᠶᠠᠷ ᠬᠡᠪ ᠳᠠᠭᠤᠷᠢᠶᠠᠯ ᠪᠤᠯᠭᠠᠨ᠂ ᠥᠨᠳᠥᠷ ᠪᠦᠲᠦᠮᠵᠢᠲᠡᠶ ᠪᠠᠷ ᠤᠰᠤ ᠠᠷᠪᠢᠯᠠᠬᠤ᠂ ᠴᠡᠭ ᠢᠶᠠᠷ ᠨᠡᠶᠢᠳᠡᠮ ᠢ ᠳᠠᠶᠢᠴᠢᠯᠠᠬᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠶᠢ ᠵᠢᠱᠢᠶ᠎ᠡ ᠦᠵᠡᠭᠦᠯᠦᠨ ᠳᠠᠶᠢᠴᠢᠯᠠᠨ ᠳᠠᠭᠠᠭᠤᠯᠵᠤ ᠪᠠᠶᠢᠨ᠎ᠠ︾ ᠭᠡᠵᠡᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号