ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠪᠠ
ᠨᠡᠶᠢᠲᠡᠯᠡᠭᠰᠡᠨ ᠴᠠᠭ᠄
2024/9/10
     9 ᠰᠠᠷ᠎ᠠ ᠶᠢᠨ 9 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠶᠢᠨ ᠨᠠᠶᠢᠳᠠᠯᠭ᠎ᠠ ᠪᠠᠷ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠬᠤᠷᠠᠯ ᠢ ᠡᠷᠬᠢᠯᠡᠪᠡ᠃     ᠬᠤᠷᠠᠯ ᠠᠴᠠ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠵᠢᠷᠭᠤᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠳᠡᠭᠡᠳᠦ ᠱᠠᠳᠤ ᠪᠠᠷ ᠢᠶᠠᠨ ᠤᠯᠤᠯᠴᠠᠨ ᠵᠣᠯᠭᠠᠭᠤᠯᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢ ᠠᠬᠢᠭᠤᠯᠤᠨ ᠨᠠᠶᠢᠳᠠᠪᠤᠷᠢᠵᠢᠭᠤᠯᠬᠤ ᠲᠣᠭᠲᠠᠴᠠ ᠶᠢ ᠰᠢᠯᠢᠳᠡᠭᠵᠢᠭᠦᠯᠵᠦ᠂ ᠲᠦᠷᠦᠯ ᠵᠦᠢᠯ ᠪᠣᠯᠭᠠᠨ᠂ ᠨᠠᠷᠢᠨ ᠲᠠᠩᠰᠠᠵᠢᠭᠤᠯᠤᠨ ᠬᠡᠷᠡᠭᠵᠢᠭᠦᠯᠵᠦ᠂ ᠬᠠᠮᠳᠣ  ᠪᠠᠷ ᠠᠯᠠᠱᠠ ᠶᠢᠨ ᠥᠭᠡᠷᠡᠴᠢᠯᠡᠯᠲᠡ ᠶᠢ ᠠᠳᠬᠤᠬᠤ᠂ ᠬᠥᠭᠵᠢᠯᠲᠡ ᠶᠢ ᠰᠦᠪᠡᠭᠴᠢᠯᠡᠬᠦ ᠶᠡᠭᠡ ᠶᠠᠪᠤᠳᠠᠯ ᠢ ᠰᠠᠶᠢᠲᠤᠷ ᠪᠢᠴᠢᠭᠯᠡᠬᠦ ᠬᠡᠷᠡᠭᠲᠡᠢ᠃ ᠨᠡᠭᠡᠭᠡᠯᠲᠡ ᠬᠢᠵᠦ ᠬᠠᠮᠲᠤᠷᠠᠯᠴᠠᠬᠤ ᠶᠢ ᠥᠨᠳᠥᠷ ᠲᠦᠪᠰᠢᠨ ᠢᠶᠠᠷ ᠠᠬᠢᠭᠤᠯᠵᠤ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠲᠦᠷᠢᠮ ᠤᠨ ᠰᠢᠨ᠎ᠡ ᠶᠢ ᠡᠭᠦᠳᠬᠦ ᠪᠠᠷ ᠭᠤᠤᠯ ᠪᠣᠯᠭᠠᠨ᠂ ︽ᠪᠣᠭᠤᠮᠲᠠ + ᠲᠤᠳᠤᠷ᠎ᠠ ᠭᠠᠵᠠᠷ︾ ᠬᠠᠮᠵᠢᠯᠴᠠᠨ ᠬᠥᠭᠵᠢᠬᠦ᠂ ᠭᠠᠳᠠᠭᠠᠳᠤ ᠠᠷᠠᠯᠵᠢᠶᠠᠨ ᠤ ᠰᠢᠨ᠎ᠡ ᠶᠢ ᠡᠭᠦᠳᠦᠨ ᠬᠥᠭᠵᠢᠭᠦᠯᠬᠦ᠂ ᠬᠤᠤᠰ ᠴᠢᠭᠯᠡᠯ ᠢᠶᠠᠷ ᠪᠠᠯᠠ ᠣᠷᠣᠭᠤᠯᠬᠤ ᠬᠡᠪᠴᠢᠶ᠎ᠡ ᠶᠢ ᠳᠡᠭᠡᠭᠰᠢᠯᠡᠭᠦᠯᠬᠦ ᠵᠡᠷᠭᠡ ᠭᠤᠤᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ᠂ ᠮᠠᠨ ᠤ ᠠᠶᠢᠮᠠᠭ ᠤᠨ ᠭᠠᠳᠠᠭᠠᠳᠤ ᠨᠡᠭᠡᠭᠡᠯᠲᠡ ᠶᠢᠨ ᠨᠠᠩ ᠶᠡᠭᠡ ᠠᠯᠬᠤᠮ ᠢ ᠠᠯᠬᠤᠵᠤ᠂ ᠨᠠᠩ ᠶᠡᠭᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠠᠶᠢᠨᠠᠨ ᠭᠤᠸᠠᠩᠳᠦ᠋ᠩ ᠵᠡᠷᠭᠡ ᠭᠠᠵᠠᠷ ᠤᠨ ᠳᠠᠶᠢᠹᠧᠩ ᠰᠠᠯᠬᠢᠨ ᠤ ᠭᠠᠮᠰᠢᠭ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ ᠂ ᠬᠤᠷᠢᠭ᠎ᠠ ᠱᠤᠭᠤᠮ ᠤᠨ ᠰᠡᠳᠬᠢᠬᠦᠢ ᠪᠠ ᠠᠶᠤᠯ ᠲᠦᠭᠰᠢᠭᠦᠷᠢ ᠶᠢᠨ ᠤᠬᠠᠮᠰᠠᠷ ᠢ ᠪᠠᠲᠤ ᠪᠤᠢ ᠪᠣᠯᠭᠠᠵᠤ᠂ ᠴᠠᠭ ᠠᠭᠤᠷ ᠤᠨ ᠬᠤᠪᠢᠷᠠᠯᠲᠠ ᠪᠠ ᠪᠣᠷᠣᠭᠠᠨ ᠤ ᠪᠠᠶᠢᠳᠠᠯ ᠭᠠᠩ ᠬᠠᠭᠰᠠᠷᠠᠭᠠᠨ ᠤ ᠪᠠᠶᠢᠳᠠᠯ ᠢ ᠨᠢᠭᠲᠠ ᠠᠩᠬᠠᠷᠴᠤ᠂ ᠰᠡᠷᠭᠡᠶᠢᠯᠡᠯᠲᠡ ᠶᠢᠨ ᠲᠣᠭᠲᠠᠴᠠ ᠪᠠ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠢ ᠪᠠᠷ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠬᠠᠭᠤᠯᠵᠤ ᠬᠦᠳᠦᠯᠦᠨ ᠵᠢᠯᠣᠭᠤᠳᠬᠤ ᠪᠠ ᠮᠡᠳᠡᠯᠭᠡ ᠶᠢ ᠲᠦᠭᠡᠮᠡᠯᠵᠢᠭᠦᠯᠬᠦ ᠪᠠᠨ ᠴᠢᠩᠭᠠᠳᠬᠠᠵᠤ᠂ ᠵᠠᠮ ᠬᠠᠷᠢᠯᠴᠠᠭ᠎ᠠ᠂ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠨᠤᠷᠠᠬᠤ ᠠᠶᠤᠯᠲᠠᠢ ᠭᠡᠷ ᠪᠠᠶᠢᠰᠢᠩ᠂ ᠪᠠᠷᠢᠯᠭ᠎ᠠ ᠶᠢᠨ ᠠᠵᠢᠯ ᠤᠨ ᠲᠠᠯᠠᠪᠤᠷ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠳᠤ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠬᠥᠮᠦᠵᠢᠭᠦᠯᠶ᠎ᠠ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ  ᠳᠣᠣᠱᠯᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠵᠡᠯ ᠰᠠᠨᠠᠭᠠᠨ ᠤ ᠵᠢᠯᠣᠭᠤᠳᠤᠮᠵᠢ ᠶᠢ ᠴᠢᠩᠭᠠᠳᠬᠠᠵᠤ᠂ ᠪᠠᠭᠰᠢ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠲᠣᠭᠲᠠᠴᠠ ᠶᠢᠨ ᠪᠠᠲᠤᠯᠠᠭ᠎ᠠ ᠶᠢ ᠲᠡᠭᠦᠯᠳᠡᠷᠵᠢᠭᠦᠯᠵᠦ ᠂ ᠰᠤᠷᠭᠠᠨ ᠬᠥᠮᠦᠵᠢᠯ ᠤᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠳᠤ ᠪᠥᠬᠦ ᠠᠶᠢᠮᠠᠭ ᠤᠨ ᠨᠤᠲᠤᠭ ᠪᠡᠯᠴᠢᠭᠡᠷ ᠤᠨ ᠰᠡᠯᠭᠦᠨ ᠮᠠᠯᠵᠢᠬᠤ ᠪᠠ ᠤᠯᠠᠮᠵᠢᠯᠠᠯᠲᠤ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠪᠠᠶᠢᠳᠠᠯ ᠢ ᠰᠢᠰᠲ᠋ᠧᠮ ᠲᠠᠢ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠴᠢᠩᠭ᠎ᠠ ᠠᠳᠬᠤᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠨᠤᠲᠤᠭ ᠪᠡᠯᠴᠢᠭᠡᠷ ᠤᠨ ᠱᠠᠩᠨᠠᠯ ᠨᠥᠬᠦᠪᠥᠷᠢ ᠵᠡᠷᠭᠡ ᠠᠵᠢᠯ ᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠤᠬᠠᠭᠤᠯᠵᠤ ᠬᠥᠲᠥᠯᠦᠨ ᠵᠢᠯᠣᠭᠤᠳᠬᠤ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠳᠬᠠᠵᠤ᠂ ᠬᠡᠳᠦᠷᠡᠳᠡᠯ᠎ᠡ ᠪᠡᠯᠴᠢᠭᠡᠷᠯᠡᠬᠦᠯᠬᠦ ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠶ᠃ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ᠂ ᠬᠥᠳᠡᠯᠮᠦᠷᠢ ᠦᠢᠯᠡᠴᠢᠯᠡᠭᠡ ᠪᠠᠷ ᠨᠥᠬᠦᠪᠥᠷᠢ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ᠂ ᠬᠢᠯᠢ ᠬᠢᠵᠠᠭᠠᠷ ᠢ ᠬᠠᠮᠠᠭᠠᠯᠠᠬᠤ᠂ ᠬᠥᠳᠡᠭᠡ ᠲᠣᠰᠬᠤᠨ ᠢ ᠵᠠᠰᠠᠬᠤ ᠵᠡᠷᠭᠡ ᠲᠥᠷᠥᠯ ᠵᠦᠢᠯ ᠳᠤ ᠢᠳᠡᠪᠬᠢᠲᠡᠶ ᠣᠷᠣᠯᠴᠠᠭᠤᠯᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠬᠦ ᠬᠡᠷᠡᠭᠲᠡᠶ᠃ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠣᠳᠣᠬᠢᠴᠢᠯᠠᠭᠰᠠᠨ ᠲᠥᠬᠦᠭᠡᠷᠦᠮᠵᠢᠲᠦ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠲᠡᠮᠡᠭᠡ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠬᠦ ᠬᠡᠯᠬᠢᠶ᠎ᠡ ᠶᠢᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠠᠯᠠᠱᠠ ᠶᠢᠨ ᠮᠠᠯ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠣᠯᠣᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠳᠤ ︽︿ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠠᠶᠢᠮᠠᠭ ᠤᠨ ᠨᠠᠮ ᠤᠨ ᠬᠤᠷᠢᠶ᠎ᠠ ᠶᠢᠨ ᠬᠡᠷᠡᠭᠵᠢᠭᠦᠯᠬᠦ ᠰᠠᠨᠠᠯ﹀ ᠢ ᠨᠠᠶᠢᠳᠠᠪᠤᠷᠢᠵᠢᠭᠤᠯᠬᠤ ᠠᠵᠢᠯ ᠤᠨ ᠬᠤᠪᠢᠶᠠᠷᠢᠯᠠᠯ ᠤᠨ ᠲᠥᠰᠥᠯ︾ ᠢ ᠬᠢᠨᠠᠨ ᠵᠥᠪᠯᠡᠵᠦ᠂ ᠨᠢᠭᠡᠳᠦᠯᠲᠡᠢ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠬᠤ᠂ ᠵᠣᠷᠢᠭᠲᠠᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠶᠢ ᠬᠦᠯᠢᠶᠡᠨ ᠠᠪᠴᠤ᠂ ᠪᠠᠶᠢᠴᠠᠭᠠᠨ ᠰᠤᠳᠤᠯᠵᠤ ᠨᠤᠲᠠᠯᠠᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠠᠵᠢᠯ ᠤᠨ ᠠᠬᠢᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠦᠬᠦ ᠠᠶᠢᠮᠠᠭ ᠤᠨ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠦᠷᠭᠡᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠰᠢᠰᠲ᠋ᠧᠮ ᠤᠨ ᠴᠤᠭᠯᠠᠷᠠᠬᠤ ᠶᠢ ᠴᠢᠬᠤᠯᠠᠴᠢᠯᠠᠵᠤ᠂ ᠥᠭᠡᠷᠡᠴᠢᠯᠡᠯᠲᠡ ᠶᠢ ᠰᠢᠰᠲ᠋ᠧᠮ ᠲᠠᠢ ᠰᠤᠳᠤᠯᠤᠨ ᠠᠬᠢᠭᠤᠯᠵᠤ᠂ ᠥᠭᠡᠷᠡᠴᠢᠯᠡᠯᠲᠡ ᠶᠢ ᠱᠠᠯᠠᠪᠳᠠᠭᠤᠯᠤᠨ ᠭᠦᠢᠴᠡᠳᠬᠡᠬᠦ᠂ ᠦᠨᠡᠯᠡᠨ ᠵᠢᠱᠢᠵᠦ ᠦᠷ᠎ᠡ ᠪᠦᠲᠦᠮᠵᠢ ᠶᠢ ᠠᠰᠠᠭᠤᠬᠤ᠂ ᠲᠤᠷᠰᠢᠯᠭ᠎ᠠ ᠪᠠᠨ ᠳ᠋ᠦᠩᠨᠡᠬᠦ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠳᠤ ᠪᠠᠰᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠪᠤᠰᠤᠳ ᠵᠦᠢᠯᠡᠰ ᠢ ᠰᠤᠳᠤᠯᠵᠠᠢ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
133