ᠠᠶᠢᠮᠠᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ ᠠᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠪᠠ
ᠨᠡᠶᠢᠲᠡᠯᠡᠭᠰᠡᠨ ᠴᠠᠭ᠄
2024/9/10
    9 ᠰᠠᠷ᠎ᠠ ᠶᠢᠨ 9 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ ᠠᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠶᠢᠨ ᠨᠠᠶᠢᠳᠠᠯᠭ᠎ᠠ ᠪᠠᠷ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠬᠤᠷᠠᠯ ᠢ ᠡᠷᠬᠢᠯᠡᠪᠡ᠃    ᠬᠤᠷᠠᠯ ᠳᠡᠭᠡᠷ᠎ᠡ᠂ ᠵᠤᠤ ᠪᠦᠦ ᠵᠦ᠂ ᠸᠧᠢ ᠴᠢᠶᠣᠤ ᠯᠢᠩ᠂ ᠯᠢᠦ ᠴᠥᠩ ᠰᠢᠶᠤᠤ᠂ ᠯᠢᠦ ᠳ᠋ᠧ ᠼᠦᠢ᠂ ᠹᠠᠨ ᠶᠢᠩ ᠲᠠᠪᠤᠨ ᠨᠥᠬᠦᠷ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠠᠨᠢᠯᠲᠠ ᠪᠣᠯᠤᠨ ᠣᠶᠢᠯᠠᠭᠠᠯᠲᠠ ᠪᠠᠨ ᠰᠣᠯᠢᠯᠴᠠᠪᠠ᠃    ᠪᠠᠢ ᠬᠠᠢ ᠯᠢᠨ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ ᠰᠠᠶᠢᠲᠤᠷ ᠤᠬᠠᠭᠤᠯᠵᠤ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠦᠬᠦ ᠲᠠᠯ᠎ᠠ ᠪᠠᠷ ᠰᠤᠷᠤᠯᠴᠠᠬᠤ ᠳᠡᠭᠡᠷ᠎ᠡ ᠬᠦᠴᠦ ᠲᠠᠯᠪᠢᠵᠤ᠂ ᠨᠡᠪᠲᠡᠷᠡᠲᠡᠯ᠎ᠡ ᠰᠤᠷᠤᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢᠨ ᠲᠤᠬᠠᠶ ᠣᠶᠢᠯᠠᠭᠠᠯᠲᠠ ᠡᠵᠡᠮᠰᠢᠯ ᠢᠶᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠶᠠᠭᠤ ᠬᠢᠬᠦ᠂ ᠶᠠᠭᠠᠬᠢᠵᠤ ᠬᠢᠬᠦ ᠶᠢ ᠦᠨᠡᠨ ᠬᠦ ᠨᠡᠪᠲᠡᠷᠡᠲᠡᠯ᠎ᠡ ᠣᠶᠢᠯᠠᠭᠠᠵᠤ ᠂ ᠴᠠᠭ ᠪᠢᠳᠡᠨ ᠢ ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠬᠦ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠡᠭᠡᠷ᠎ᠡ ᠬᠦᠴᠦ ᠲᠠᠯᠪᠢᠵᠤ᠂ ᠥᠭᠡᠷᠡᠴᠢᠯᠡᠯᠲᠡ ᠶᠢᠨ ᠰᠡᠳᠬᠢᠬᠦᠶ᠂ ᠲᠠᠶᠢᠯᠬᠤ ᠰᠡᠳᠬᠢᠬᠦᠶ ᠪᠠ ᠵᠠᠬ᠎ᠠ ᠳᠡᠯᠭᠡᠭᠦᠷ ᠤᠨ ᠤᠬᠠᠮᠰᠠᠷ ᠲᠠᠢ ᠪᠠᠶᠢᠵᠤ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠲᠣᠭᠲᠠᠴᠠ᠂ ᠪᠠᠶᠢᠷᠢᠰᠢᠭᠤᠯᠤᠯᠲᠠ᠂ ᠰᠤᠷᠲᠠᠯ ᠢ ᠥᠭᠡᠷᠡᠴᠢᠯᠡᠬᠦ ᠶᠢ ᠬᠠᠮᠲᠤ ᠳᠤᠨᠢ ᠠᠳᠬᠤᠬᠤ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠠᠴᠠ ᠵᠥᠪ ᠢ ᠡᠷᠢᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠨᠢᠭᠡ ᠪᠦᠯᠦᠭ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠲᠥᠯᠥᠪᠵᠢᠭᠦᠯᠦᠨ ᠬᠡᠷᠡᠭᠵᠢᠭᠦᠯᠵᠦ᠂ ᠲᠦᠷᠢᠮ᠂ ᠲᠥᠷᠥ ᠶᠢᠨ ᠪᠣᠳᠣᠯᠭ᠎ᠠ ᠪᠠ ᠠᠵᠢᠯ ᠤᠨ ᠰᠢᠨ᠎ᠡ ᠶᠢ ᠡᠭᠦᠳᠬᠦ ᠶᠢ ᠲᠠᠰᠤᠷᠠᠯᠲᠠ ᠥᠬᠡᠶ ᠠᠬᠢᠭᠤᠯᠵᠤ᠂ ᠥᠭᠡᠷᠡᠴᠢᠯᠡᠯᠲᠡ ᠶᠢᠨ ᠠᠰᠢᠭ ᠢ ᠦᠨᠡᠨ ᠬᠦ ᠬᠥᠭᠵᠢᠯᠲᠡ ᠶᠢᠨ ᠠᠰᠢᠭ ᠲᠤᠰᠠ ᠪᠣᠯᠭᠠᠨ ᠬᠤᠪᠢᠷᠠᠭᠤᠯᠬᠤ ᠬᠡᠷᠡᠭᠲᠡᠶ᠃ ᠦᠨᠡᠨᠬᠦ ᠠᠳᠬᠤᠨ ᠪᠣᠳᠠᠲᠠᠢ ᠠᠵᠢᠯᠯᠠᠬᠤ ᠳᠡᠭᠡᠷ᠎ᠡ ᠬᠦᠴᠦ ᠲᠠᠯᠪᠢᠵᠤ᠂ ᠥᠭᠡᠷᠡᠴᠢᠯᠡᠯᠲᠡ ᠶᠢᠨ ᠡᠭᠦᠷᠭᠡ ᠶᠢᠨ ᠪᠢᠴᠢᠭ᠂ ᠴᠠᠭ ᠤᠨ ᠬᠦᠰᠦᠨᠦᠭᠲᠦ᠂ ᠲᠡᠰ ᠳᠠᠷᠠᠭᠠᠯᠠᠯ ᠢ ᠡᠩ ᠲᠡᠷᠢᠭᠦᠨ ᠳᠤ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠵᠢᠯ ᠢ ᠨᠢᠭᠡᠳᠦᠯᠲᠡᠢ ᠲᠥᠯᠥᠪᠵᠢᠭᠦᠯᠬᠦ ᠪᠠ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠲᠡᠮᠡᠴᠡᠯ ᠤᠨ ᠵᠣᠷᠢᠭ ᠰᠠᠨᠠᠭ᠎ᠠ ᠪᠣᠯᠤᠨ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠣᠭᠲᠠᠭᠠᠭᠰᠠᠨ ᠥᠭᠡᠷᠡᠴᠢᠯᠡᠯᠲᠡ ᠶᠢᠨ ᠡᠭᠦᠷᠭᠡ ᠶᠢ ᠡᠴᠦᠰ ᠲᠤᠨᠢ ᠲᠤᠯᠲᠠᠯ᠎ᠠ ᠠᠳᠬᠤᠵᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠨᠡᠩ ᠤᠯᠠᠨ ᠦᠨᠡᠨ ᠪᠣᠳᠠᠲᠠᠢ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠲᠦᠷᠭᠡᠨ ᠪᠦᠷᠢᠯᠳᠦᠭᠦᠯᠬᠦ ᠬᠡᠷᠡᠭᠲᠡᠢ ᠭᠡᠪᠡ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号