ᠣᠶᠢᠷ᠎ᠠ ᠳᠤ᠂ ᠠᠯᠠᠱᠠ ᠶᠢᠨ 2024 ᠣᠨ ᠳᠤ ᠪᠠᠶᠢᠭᠤᠯᠵᠤ ᠪᠠᠶᠢᠭ᠎ᠠ ᠲᠠᠷᠬᠠᠮᠠᠯ ᠬᠡᠯᠪᠡᠷᠢ ᠶᠢᠨ ᠬᠡᠷᠡᠯᠴᠢ | ᠴᠡᠨᠡᠭ ᠤᠨ ᠲᠥᠷᠥᠯ ᠵᠦᠢᠯ ᠤᠨ ᠳᠣᠲᠣᠷ᠎ᠠ᠂ 6 ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠲᠣᠣᠷ ᠲᠤ | ᠨᠡᠶᠢᠯᠡᠭᠦᠯᠵᠦ᠂ ᠬᠡᠪᠴᠢᠶ᠎ᠡ ᠨᠢ ᠨᠡᠶᠢᠲᠡ 2.8 ᠲᠦᠮᠡᠨ ᠺᠢᠯᠣᠸᠠᠲ ᠲᠤ ᠬᠦᠷᠴᠡᠢ᠃ | ᠡᠳᠡᠬᠡᠷ ᠨᠢ ᠲᠤᠰ ᠲᠤᠰ ᠶᠠᠪᠠᠷᠠᠢ ᠪᠠᠯᠭᠠᠰᠤᠨ ᠤ 0.3 ᠲᠦᠮᠡᠨ ᠺᠢᠯᠣᠸᠠᠲ ᠤᠨ ᠲᠠᠷᠬᠠᠮᠠᠯ ᠬᠡᠯᠪᠡᠷᠢ ᠶᠢᠨ ᠭᠡᠷᠡᠯᠴᠢ | ᠴᠡᠨᠡᠭ ᠤᠨ ᠲᠥᠷᠥᠯ ᠵᠦᠢᠯ᠂ ᠤᠰᠤᠲᠠᠢ ᠪᠠᠯᠭᠠᠰᠤᠨ ᠤ ᠪᠠᠶ᠋ᠬᠠᠤᠪᠤᠭ᠎ᠠ ᠭᠠᠴᠠᠭᠠᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠭᠡᠷᠡᠯᠴᠢ ᠴᠡᠨᠡᠭ + ᠶᠡᠷᠦᠩᠬᠡᠶᠢᠯᠡᠨ ᠵᠠᠰᠠᠬᠤ 0.6 ᠲᠦᠮᠡᠨ ᠺᠢᠯᠣᠸᠠᠲ ᠤᠨ ᠲᠥᠷᠥᠯ | ᠵᠦᠢᠯ᠂ ᠤᠰᠤᠲᠠᠢ ᠪᠠᠯᠭᠠᠰᠤᠨ ᠤ ᠤᠯᠠᠭᠠᠨᠮᠤᠳᠤ ᠭᠠᠴᠠᠭ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠡᠷᠡᠯᠴᠢ ᠴᠡᠨᠡᠭ + ᠶᠡᠷᠦᠩᠬᠡᠶᠢᠯᠡᠨ ᠵᠠᠰᠠᠬᠤ 0.6 ᠲᠦᠮᠡᠨ ᠺᠢᠯᠣᠸᠠᠲ ᠤᠨ ᠲᠥᠷᠥᠯ ᠵᠦᠢᠯ᠂ ᠪᠠᠶᠠᠨᠮᠦ᠋ᠷᠠᠨ | ᠰᠤᠮᠤ ᠶᠢᠨ ᠱᠠᠩ ᠲᠠᠨ ᠭᠠᠴᠠᠭ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠷᠬᠠᠮᠠᠯ ᠬᠡᠯᠪᠡᠷᠢ ᠶᠢᠨ | ᠬᠡᠷᠡᠯᠴᠢ ᠴᠡᠨᠡᠭ + ᠶᠡᠷᠦᠩᠬᠡᠶᠢᠯᠡᠨ ᠵᠠᠰᠠᠬᠤ 0.6 ᠲᠦᠮᠡᠨ ᠺᠢᠯᠣᠸᠠᠲ ᠤᠨ ᠲᠥᠷᠥᠯ ᠵᠦᠢᠯ᠂ ᠥᠪᠥᠷ ᠮᠣᠩᠭᠤᠯ ᠤᠨ | ᠵᠢᠩ ᠶᠤᠸᠠᠨ ᠬᠡᠷᠡᠯᠴᠢ ᠴᠡᠨᠡᠭ ᠤᠨ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ 0.5 ᠲᠦᠮᠡᠨ ᠺᠢᠯᠣᠸᠠᠲ ᠤᠨ | ᠲᠠᠷᠬᠠᠮᠠᠯ ᠬᠡᠯᠪᠡᠷᠢ ᠶᠢᠨ ᠬᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ᠂ ᠥᠪᠥᠷ ᠮᠣᠩᠭᠤᠯ ᠤᠨ ᠹᠧᠩ | ᠦ᠋ ᠬᠠᠨ ᠬᠠᠢ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ 0.2 ᠲᠦᠮᠡᠨ ᠺᠢᠯᠣᠸᠠᠲ ᠤᠨ ᠲᠠᠷᠬᠠᠮᠠᠯ | ᠬᠡᠯᠪᠡᠷᠢ ᠶᠢᠨ ᠬᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠪᠤᠯᠤᠨ᠎ᠠ᠃ | ᠲᠥᠰᠥᠭᠡᠯᠡᠨ ᠪᠤᠳᠤᠭᠰᠠᠨ ᠢᠶᠠᠷ᠂ ᠲᠠᠷᠬᠠᠮᠠᠯ ᠬᠡᠯᠪᠡᠷᠢ ᠶᠢᠨ ᠬᠡᠷᠡᠯᠴᠢ ᠴᠡᠨᠡᠭ ᠤᠨ 6 ᠲᠥᠷᠥᠯ ᠵᠦᠢᠯ ᠨᠢ ᠵᠢᠯ | ᠪᠦᠷᠢ 4350 ᠲᠦᠮᠡᠨ ᠺᠢᠯᠣᠸᠠᠲ ᠤᠨ ᠴᠠᠬᠢᠯᠭᠠᠨ ᠭᠠᠷᠭᠠᠵᠤ ᠳᠡᠶᠢᠯᠬᠦ ᠦᠶᠡᠰ᠂ ᠪᠠᠷᠢᠮᠵᠢᠶᠠᠲᠤ ᠨᠡᠭᠦᠷᠡᠰᠦ ᠶᠢ | ᠪᠠᠷᠤᠭ 1.29 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ | ᠬᠡᠮᠵᠢᠶ᠎ᠡ ᠶᠢ ᠪᠠᠷᠤᠭ 3.58 ᠲᠦᠮᠡᠨ ᠲᠣᠨ ᠪᠠᠭᠠᠰᠬᠠᠨ᠂ ᠬᠦᠬᠦᠷ ᠤᠨ ᠳᠠᠪᠬᠤᠷ ᠢᠰᠦᠯ ᠭᠠᠳᠠᠭᠰᠢᠯᠠᠭᠤᠯᠬᠤ | ᠬᠡᠮᠵᠢᠶ᠎ᠡ ᠶᠢ 3.61 ᠲᠣᠨ᠂ ᠠᠽᠣᠲ ᠤᠨ ᠢᠰᠦᠮᠡᠭ ᠭᠠᠳᠠᠭᠰᠢᠯᠠᠭᠤᠯᠬᠤ ᠪᠣᠳᠠᠰ ᠢ 5.79 ᠲᠣᠨ᠂ ᠣᠲᠤᠭ᠎ᠠ | ᠲᠣᠭᠤᠰᠣ ᠭᠠᠳᠠᠭᠰᠢᠯᠠᠭᠤᠯᠬᠤ ᠬᠡᠮᠵᠢᠶ᠎ᠡ ᠶᠢ 0.74 ᠲᠣᠨ ᠪᠠᠭᠠᠰᠬᠠᠵᠤ᠂ ᠣᠷᠴᠢᠨ ᠲᠣᠭᠤᠷᠢᠨ ᠢ ᠬᠠᠮᠠᠭᠠᠯᠠᠬᠤ | ᠢᠯᠡᠳᠲᠡ ᠦᠷ᠎ᠡ ᠠᠰᠢᠭ ᠲᠠᠢ ᠶᠤᠮ᠃ | ᠣᠲᠣ ᠪᠣᠯᠲᠠᠯ᠎ᠠ᠂ ᠠᠯᠠᠱᠠ ᠶᠢᠨ ᠨᠢᠭᠡᠨᠲᠡ ᠲᠣᠣᠷ ᠲᠤ ᠨᠡᠶᠢᠯᠡᠭᠦᠯᠦᠭᠰᠡᠨ ᠰᠢᠨ᠎ᠡ ᠡᠨᠧᠷᠭᠢ ᠶᠢᠨ ᠲᠥᠷᠥᠯ ᠵᠦᠢᠯ | 81 ᠪᠤᠯᠵᠤ᠂ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠢ 566.37 ᠲᠦᠮᠡᠨ ᠺᠢᠯᠣᠸᠠᠲ ᠲᠤ ᠬᠦᠷᠴᠦ᠂ | ᠡᠭᠦᠨ ᠳᠤ ᠰᠠᠯᠬᠢᠨ ᠬᠦᠴᠦᠨ ᠤ ᠴᠠᠬᠢᠯᠭᠠᠨ 423.56 ᠲᠦᠮᠡᠨ ᠺᠢᠯᠣᠸᠠᠲ ᠲᠤ ᠬᠦᠷᠴᠦ᠂ ᠬᠡᠷᠡᠯᠴᠢ ᠴᠡᠨᠡᠭ ᠤᠨ | ᠴᠠᠬᠢᠯᠭᠠᠨ 142.81 ᠲᠦᠮᠡᠨ ᠺᠢᠯᠣᠸᠠᠲ ᠲᠤ ᠬᠦᠷᠴᠡᠢ᠃ |